ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5 ᠤ ᠡᠳᠦᠷ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠵᠠᠩ ᠢ ᠷᠠᠨ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠪᠠᠶᠠᠷ ᠤᠨ ᠴᠠᠬᠢᠯᠭᠠᠨ ᠪᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠵᠡᠭᠡᠯᠢ ᠭᠤᠳᠤᠮᠵᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠪᠠᠶᠠᠷ ᠤᠨ ᠴᠠᠬᠢᠯᠭᠠᠨ ᠪᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠭᠤᠭᠠᠯᠢ ᠠᠷᠠᠳ ᠤᠯᠠᠨ ᠤ ᠳᠤᠮᠳᠠ ᠭᠦᠨᠵᠡᠭᠡᠶᠢᠷᠡᠵᠦ᠂ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠵᠦ᠂ ᠮᠡᠳᠡᠯᠭᠡ ᠶᠢ ᠬᠦᠨᠳᠦᠳᠬᠡᠬᠦ᠂ ᠰᠢᠨ᠎ᠡ ᠶᠢ ᠡᠭᠦᠳᠬᠦ ᠶᠢ ᠡᠷᠬᠢᠮᠯᠡᠬᠦ᠂ ᠴᠢᠳᠠᠪᠤᠷᠢᠲᠠᠨ ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠤᠷ ᠴᠢᠨᠠᠷ ᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠵᠤ᠂ ︽ᠶᠢᠰᠦᠨ ᠪᠠᠭ᠎ᠠ ᠲᠠᠯᠠᠪᠤᠷ︾᠂ ᠬᠥᠮᠦᠨ ᠬᠠᠷ᠎ᠠ ᠨᠢᠭᠲᠠᠷᠠᠭᠰᠠᠨ᠂ ᠪᠠᠷᠢᠯᠭ᠎ᠠ ᠶᠢᠨ ᠭᠠᠵᠠᠷ ᠵᠡᠷᠭᠡ ᠲᠠᠯᠠᠪᠤᠷ ᠢ ᠴᠢᠩᠭ᠎ᠠ ᠠᠩᠬᠠᠷᠴᠤ᠂ ᠠᠶᠤᠯᠲᠠᠶ ᠬᠢᠮᠢ ᠶᠢᠨ ᠪᠣᠳᠠᠰ᠂ ᠳᠤᠷ᠎ᠠ ᠪᠠᠷ ᠢᠶᠠᠨ ᠲᠠᠲᠠᠬᠤ ᠱᠤᠭᠤᠮ᠂ ᠭᠠᠯ ᠤᠨᠲᠠᠷᠠᠭᠠᠬᠤ ᠵᠠᠮ ᠢ ᠪᠥᠭᠯᠡᠬᠦ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠵᠣᠨ ᠤ ᠤᠯᠠᠷᠢᠯ ᠤᠨ ᠥᠨᠳᠥᠷ ᠬᠠᠯᠠᠭᠤᠨ ᠳᠤ ᠠᠵᠢᠯᠯᠠᠬᠤ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠡᠷᠲᠡ ᠰᠡᠷᠭᠡᠶᠢᠯᠡᠨ ᠰᠢᠢᠳᠪᠦᠷᠢᠯᠡᠵᠦ᠂ ᠤᠳᠤᠷᠢᠳᠬᠤ ᠺᠠᠳ᠋ᠷ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠪᠠᠶᠢᠳᠠᠯ ᠢ ᠮᠡᠳᠡᠭᠦᠯᠦᠨ ᠬᠦᠷᠭᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠢᠨᠠᠮᠠᠭᠠᠶ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ ᠡᠳ᠋ ᠪᠣᠳᠠᠰ ᠨᠥᠭᠡᠴᠡᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠭᠡᠨᠡᠳᠲᠡ ᠶᠢᠨ ᠪᠠᠶᠢᠳᠠᠯ ᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠪᠦᠲᠦᠮᠵᠢᠲᠡᠶ ᠥᠷᠨᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠷᠠᠰᠢᠵᠦ᠋ᠩ ᠵᠡᠭᠡᠯᠢ ᠭᠤᠳᠤᠮᠵᠢ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠵᠡᠷᠭᠡᠪᠡᠷ ᠬᠤᠷᠠᠯᠳᠤᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠲᠣᠭᠲᠠᠴᠠ ᠶᠢᠨ ᠪᠣᠯᠭᠠᠬᠤ ᠶᠢ ᠠᠬᠢᠭᠤᠯᠵᠤ᠂ ᠲᠣᠣᠷᠵᠢᠭᠤᠯᠤᠭᠰᠠᠨ ᠬᠠᠮᠢᠶᠠᠷᠤᠯᠲᠠ ᠳᠤ ᠲᠦᠰᠢᠭᠯᠡᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ᠷᠠᠰᠢᠵᠦ᠋ᠩ ᠵᠡᠭᠡᠯᠢ ᠭᠤᠳᠤᠮᠵᠢ ᠶᠢᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠬᠤᠷᠠᠯ ᠵᠢᠴᠢ ᠭᠤᠣᠯᠳᠠᠯᠭ᠎ᠠ ᠲᠠᠢ ᠬᠥᠮᠦᠰ ᠪᠣᠯᠤᠨ ᠨᠡᠶᠢᠭᠡᠮ ᠤᠨ ᠵᠥᠷᠢᠴᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢ ᠤᠷᠤᠭᠰᠢ ᠰᠢᠯᠵᠢᠭᠦᠯᠬᠦ᠂ ᠤᠷᠢᠳᠠᠪᠠᠷ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号