ᠷᠠᠰᠢᠵᠦ᠋ᠩ ᠵᠡᠭᠡᠯᠢ ᠭᠤᠳᠤᠮᠵᠢ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢ ᠪᠡᠯᠭᠡᠯᠡᠵᠦ᠂ ᠲᠡᠷᠢᠭᠦᠨ ᠤ ᠬᠢ ᠶᠢ ᠡᠷᠬᠢᠮᠯᠡᠬᠦ᠂ ᠲᠡᠷᠢᠭᠦᠨ ᠤ ᠬᠢ ᠠᠴᠠ ᠰᠤᠷᠤᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ ᠥᠷᠭᠡᠨ ᠤᠯᠠᠨ ᠨᠠᠮ ᠤᠨ ᠭᠡᠰᠢᠭᠦᠨ ᠤ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ ᠶᠢ ᠵᠣᠷᠢᠭᠵᠢᠭᠤᠯᠵᠤ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠬᠤᠰᠢᠭᠤᠴᠢ ᠪᠣᠯᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠤ᠂ ᠷᠠᠰᠢᠵᠦ᠋ᠩ ᠵᠡᠭᠡᠯᠢ ᠭᠤᠳᠤᠮᠵᠢ 7 ᠰᠠᠷ᠎ᠠ ᠶᠢᠨ 5 ᠤ ᠡᠳᠦᠷ ︽ᠬᠤᠶᠠᠷ ᠰᠢᠯᠢᠳᠡᠭ ᠨᠢᠭᠡ ᠲᠡᠷᠢᠭᠦᠨ︾ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠨᠠᠮ ᠵᠠᠰᠠᠭ ᠤᠨ ᠪᠠᠭ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠬᠥᠬᠢᠭᠦᠯᠦᠭᠳᠡᠨ ᠰᠠᠶᠢᠰᠢᠶᠠᠭᠳᠠᠭᠰᠠᠨ ᠲᠡᠷᠢᠭᠦᠨ ᠤ ᠬᠠᠮᠲᠤ ᠪᠣᠯᠤᠨ ᠬᠤᠪᠢ ᠬᠥᠮᠦᠨ ᠲᠤᠰ ᠤᠳᠠᠭᠠᠨ ᠤ ᠬᠤᠷᠠᠯ ᠳᠤ ᠣᠷᠣᠯᠴᠠᠪᠠ᠃      ᠲᠤᠰ ᠤᠳᠠᠭ᠎ᠠ ᠶᠢᠨ ᠶᠡᠭᠡ ᠬᠤᠷᠠᠯ ᠠᠴᠠ 10 ᠰᠢᠯᠢᠳᠡᠭ ᠡᠪ ᠬᠠᠮᠲᠤ ᠨᠠᠮ ᠤᠨ ᠭᠡᠰᠢᠭᠦᠨ᠂ 5 ᠰᠢᠯᠢᠳᠡᠭ ᠨᠠᠮ ᠤᠨ ᠠᠵᠢᠯᠳᠠᠨ᠂ 5 ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠬᠢᠭᠦᠯᠦᠨ ᠰᠠᠶᠢᠰᠢᠶᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠦᠬᠦ ᠨᠠᠮ ᠤᠨ ᠭᠡᠰᠢᠭᠦᠨ ᠤ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠵᠣᠷᠢᠭᠵᠢᠭᠤᠯᠵᠤ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠦᠢᠯᠡᠰ ᠤᠨ ᠲᠠᠰᠤᠷᠠᠯᠳᠠ ᠦᠭᠡᠢ ᠰᠢᠨ᠎ᠡ ᠠᠮᠵᠢᠯᠲᠠ ᠤᠯᠬᠤ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠢ᠃      ᠬᠤᠷᠠᠯ ᠠᠴᠠ᠂ ᠨᠢᠭᠡ ᠳᠤ᠂ ᠵᠡᠭᠡᠯᠢ ᠭᠤᠳᠤᠮᠵᠢ ᠶᠢᠨ ᠪᠦᠬᠦ ᠨᠠᠮ ᠤᠨ ᠭᠡᠰᠢᠭᠦᠨ ᠺᠠᠳ᠋ᠷ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠠᠷᠢᠴᠠᠯᠠᠰᠢᠭᠦᠢ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠳᠤᠮᠳᠠ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠬᠤᠶᠠᠷ ᠲᠤ ᠪᠦᠬᠦ ᠨᠠᠮ ᠤᠨ ᠭᠡᠰᠢᠭᠦᠨ ᠺᠠᠳ᠋ᠷᠴᠤᠳ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠠᠯᠪᠠᠨ ᠵᠠᠷᠤᠴᠠ ᠶᠢᠨ ᠬᠠᠶᠢᠷ᠎ᠠ ᠰᠡᠳᠬᠢᠯᠭᠡ ᠶᠢ ᠪᠤᠢ ᠪᠣᠯᠭᠠᠵᠤ᠂ ᠠᠷᠠᠳ ᠤᠯᠠᠨ ᠤ ᠠᠰᠢᠭ ᠲᠤᠰᠠ ᠶᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ ᠭᠡᠳᠡᠭ ᠢ ᠪᠠᠲᠤ ᠴᠡᠭᠡᠵᠢᠯᠡᠵᠦ᠂ ᠴᠠᠭ ᠢᠮᠠᠭᠲᠠ ᠮᠠᠨ ᠤ ᠨᠠᠮ ᠤᠨ ᠠᠷᠠᠳ ᠲᠦᠮᠡᠨ ᠤ ᠳᠤᠮᠳᠠ ᠠᠴᠠ ᠢᠷᠡᠵᠤ᠂ ᠠᠷᠠᠳ ᠲᠦᠮᠡᠨ ᠤ ᠳᠤᠮᠳᠠ ᠦᠨᠳᠦᠰᠦᠯᠡᠵᠦ᠂ ︽ᠥᠪᠡᠷ ᠢ ᠪᠠᠨ ᠤᠮᠠᠷᠲᠠᠬᠤ ᠦᠭᠡᠢ᠂ ᠠᠷᠠᠳ ᠲᠦᠮᠡᠨ ᠢ ᠬᠥᠰᠡᠷᠳᠡᠭᠦᠯᠬᠦ ᠦᠭᠡᠢ︾ ᠤᠶᠤᠨ ᠰᠠᠨᠠᠭᠠᠨ ᠤ ᠠᠬᠤᠢ ᠪᠠᠶᠢᠳᠠᠯ ᠢ ᠲᠠᠰᠤᠷᠠᠯᠳᠠ ᠦᠭᠡᠢ ᠬᠥᠭᠡᠭᠡᠴᠡᠯᠳᠦᠬᠦ ᠬᠡᠷᠡᠭᠲᠡᠢ᠃ ᠭᠤᠷᠪᠠ ᠳᠤ᠂ ᠪᠦᠬᠦ ᠨᠠᠮ ᠤᠨ ᠭᠡᠰᠢᠭᠦᠨ ᠺᠠᠳ᠋ᠷ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠴᠠᠭ ᠦᠶ᠎ᠡ ᠶᠢᠨ ᠤᠷᠤᠰᠬᠠᠯ ᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ᠪᠡᠶ᠎ᠡ ᠪᠠᠷ ᠢᠶᠠᠨ ᠭᠦᠢᠴᠡᠳᠬᠡᠵᠦ᠂ ᠦᠯᠢᠭᠡᠷ ᠳᠠᠭᠤᠷᠢᠶᠠᠯ ᠪᠤᠯᠵᠤ᠂ ᠤᠯᠠᠨ ᠲᠦᠮᠡᠨ ᠳᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠦᠨᠡᠨ ᠬᠦ ᠮᠡᠳᠡᠷᠡᠭᠦᠯᠵᠦ᠂ ᠤᠯᠠᠨ ᠲᠦᠮᠡᠨ ᠤ ᠦᠨᠡᠨ ᠰᠡᠳᠬᠢᠯ ᠤᠨ ᠬᠦᠷᠢᠶᠡᠯᠡᠯ ᠢ ᠴᠢᠷᠮᠠᠶᠢᠨ ᠤᠯᠬᠤ ᠬᠡᠷᠡᠭᠲᠡᠢ᠃ ᠲᠦᠷᠪᠡ ᠳᠤ᠂ ᠪᠦᠬᠦ ᠨᠠᠮ ᠤᠨ ᠭᠡᠰᠢᠭᠦᠨ ᠺᠠᠳ᠋ᠷ ᠥᠪᠡᠷ ᠢ ᠪᠠᠨ ᠦᠨᠡᠨ ᠬᠦ ᠳᠠᠪᠲᠠᠨ ᠪᠣᠯᠪᠠᠰᠤᠷᠠᠭᠤᠯᠵᠤ᠂ ᠬᠤᠰᠢᠭᠤᠴᠢ ᠦᠯᠢᠬᠡᠷ ᠳᠠᠭᠤᠷᠢᠶᠠᠯ ᠪᠤᠯᠵᠤ᠂ ︽ᠲᠡᠮᠦᠷ ᠳᠠᠪᠳᠠᠬᠤ ᠳᠤ ᠪᠠᠰᠠ ᠥᠪᠡᠷ ᠢᠶᠠᠨ ᠬᠠᠲᠠᠭᠤ︾ ᠪᠠᠶᠢᠬᠤ ᠶᠢ ᠢᠮᠠᠭᠲᠠ ᠪᠠᠲᠤ ᠴᠡᠭᠡᠵᠢᠯᠡᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠲᠦᠷᠢᠮ ᠢ ᠴᠢᠩᠭ᠎ᠠ ᠰᠠᠬᠢᠬᠤ ᠲᠠᠯ᠎ᠠ ᠪᠠᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠰᠡᠳᠬᠢᠯ ᠳᠡᠭᠡᠨ ᠡᠮᠢᠶᠡᠯ ᠲᠠᠢ᠂ ᠬᠡᠯᠡᠬᠦ ᠳᠤ ᠴᠡᠭᠡᠷ ᠲᠠᠢ᠂ ᠦᠢᠯᠡ ᠠᠵᠢᠯᠯᠠᠭ᠎ᠠ ᠳᠠᠭᠠᠨ ᠬᠤᠷᠢᠭ᠎ᠠ ᠲᠠᠢ ᠪᠠᠶᠢᠬᠤ ᠶᠢ ᠪᠡᠶᠡᠯᠡᠭᠦᠯᠵᠦ᠂ ᠢᠯᠵᠠᠷᠠᠬᠤ ᠵᠣᠷᠢᠭ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号