ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 107 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠦᠬᠤᠰᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 107 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2024 ᠣᠨ ᠤ 12 ᠳ᠋ᠤᠭᠠᠷ ᠬᠤᠭᠤᠴᠠᠭᠠᠨ ᠤ 12 ᠳ᠋ᠤᠭᠠᠷ ᠬᠤᠭᠤᠴᠠᠭᠠᠨ ᠤ ᠴᠢᠬᠤᠯᠠ ᠵᠣᠬᠢᠶᠠᠯ ︽ᠮᠠᠨ ᠤ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠨ᠎ᠡ︾᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠪᠠᠨ ᠴᠢᠩᠭᠠᠳᠬᠠᠬᠤ ᠬᠡᠷᠡᠭᠲᠡᠢ᠃ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠤᠳᠤᠯᠭ᠎ᠠ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠤᠳᠤᠯᠭ᠎ᠠ ᠶᠢ ᠭᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ︽ᠠᠷᠪᠠ ᠶᠢ ᠲᠣᠳᠣᠷᠬᠠᠶᠢᠯᠠᠬᠤ︾ ᠠᠭᠤᠯᠤᠭᠳᠠᠬᠤᠨ ᠪᠠ ᠦᠶ᠋ᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠵᠢᠷᠤᠮᠵᠢᠭᠤᠯᠤᠯᠲᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨ ᠬᠦ ᠴᠢᠩᠭᠠᠳᠬᠠᠬᠤ ᠬᠡᠷᠡᠭᠲᠡᠶ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠶᠢ ︽ᠶᠠᠪᠤᠳᠠᠯ ᠪᠦᠬᠦᠨ ᠳᠤ ᠳᠣᠲᠣᠷ᠎ᠠ ᠪᠠᠨ ᠲᠤᠭᠳᠠᠪᠤᠷᠢᠲᠠᠢ ᠪᠠᠶᠢᠬᠤ︾ ᠠᠵᠢᠯᠯᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ ᠪᠠᠯᠭᠠᠰᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠲᠦᠷᠢᠮ︾ ᠵᠡᠷᠭᠡ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠤᠬᠠᠮᠰᠠᠷ ᠢᠶᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠪᠣᠯ ᠲᠤᠬᠠᠶᠢᠯᠠᠭᠰᠠᠨ ᠠᠵᠢᠯ᠂ ᠨᠠᠮ ᠤᠨ ᠪᠠᠶᠢᠭᠤᠯᠤᠯᠲᠠ ᠶᠢ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠬᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠦᠭᠡᠢ ᠪᠣᠯ ᠲᠤᠰᠢᠶᠠᠯ ᠢᠶᠠᠨ ᠭᠤᠲᠤᠭᠠᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠪᠤᠰᠤᠳ ᠭᠤᠣᠯᠳᠠᠯᠭ᠎ᠠ ᠲᠠᠢ ᠠᠵᠢᠯ ᠲᠠᠢ ᠬᠠᠮᠲᠤ ᠳᠤᠨᠢ ᠲᠥᠯᠥᠪᠵᠢᠭᠦᠯᠵᠦ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ ︽ᠠᠵᠢᠯ ᠤᠨ ᠪᠠᠶᠢᠷᠢ ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠬᠤᠰᠢᠭᠤᠴᠢ ᠪᠣᠯᠭᠠᠵᠤ᠂ ᠬᠤᠰᠢᠭᠤᠴᠢ ᠪᠣᠯᠭᠠᠵᠤ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠬᠥᠳᠡᠯᠭᠡᠬᠦ ᠬᠦᠴᠦᠨ ᠢ ᠬᠥᠭᠵᠢᠭᠡᠪᠡ᠃      ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠦᠨ ᠤᠰᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠩᠬᠠᠷᠴᠤ᠂ ᠨᠠᠮ ᠤᠨ ᠭᠡᠰᠢᠭᠦᠨ ᠺᠠᠳ᠋ᠷ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠱᠠᠯᠠᠪᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠵᠢᠯᠣᠭᠤᠳᠴᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠷᠢᠶ᠎ᠠ ᠣᠷᠣᠨ ᠤ ᠪᠠᠨ ᠭᠠᠯ ᠰᠡᠷᠭᠡᠶᠢᠯᠡᠬᠦ᠂ ᠵᠠᠮ ᠬᠠᠷᠢᠯᠴᠠᠭ᠎ᠠ᠂ ᠭᠡᠷ ᠪᠠᠶᠢᠰᠢᠩ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠮᠠᠨ ᠤ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠠᠮᠵᠢᠯᠲᠠ ᠲᠠᠢ ᠬᠤᠷᠠᠯᠳᠤᠬᠤ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠬᠤ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ ᠭᠦᠬᠤᠰᠣ ᠪᠠᠯᠭᠠᠰᠤ ᠶᠢ ᠨᠢᠭᠡ ᠴᠤᠭᠴᠠᠵᠢᠭᠤᠯᠤᠨ ᠠᠬᠢᠭᠤᠯᠬᠤ ︽ᠭᠤᠷᠪᠠᠨ ᠲᠤᠰᠬᠠᠢ ᠠᠵᠢᠯ︾ ᠤᠨ ᠲᠤᠬᠢᠷᠠᠭᠤᠯᠭ᠎ᠠ ᠶᠢᠨ ᠬᠤᠷᠠᠯ ᠢ ᠬᠢᠵᠦ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠦᠩ ᠤᠰᠤ ᠪᠠᠯᠭᠠᠰᠤ ᠶᠢᠨ ︽ᠭᠤᠷᠪᠠᠨ ᠲᠤᠰᠬᠠᠢ ᠠᠵᠢᠯ︾ ᠢ ᠨᠢᠭᠡ ᠴᠤᠬᠴᠠᠵᠢᠭᠤᠯᠤᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭᠠᠨ ᠤ ᠬᠥᠪᠴᠢ ᠪᠠᠨ ᠦᠷᠭᠦᠯᠵᠢᠯᠡᠨ ᠴᠢᠩᠭᠠᠷᠠᠭᠤᠯᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ︽ᠭᠤᠷᠪᠠᠨ ᠲᠤᠰᠬᠠᠢ ᠠᠵᠢᠯ︾ ᠢ ᠨᠢᠭᠡ ᠴᠤᠬᠴᠠᠵᠢᠭᠤᠯᠤᠨ ᠠᠬᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠰᠠᠶᠢᠲᠤᠷ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠲᠤᠪᠤᠶᠢᠯᠭᠠᠵᠦ᠂ ᠰᠤᠷᠤᠯᠴᠠᠬᠤ ᠶᠢᠨ ᠳᠠᠭᠠᠤ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠬᠤ ᠶᠢ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠠᠮ ᠤᠨ ᠭᠡᠰᠢᠭᠦᠨ ᠺᠠᠳ᠋ᠷᠴᠤᠳ ᠤᠨ ᠤᠯᠠᠨ ᠲᠦᠮᠡᠨ ᠳᠤ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠰᠠᠶᠢᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号