ᠢᠦᠢ ᡁᠢ ᠶᠦᠩ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠤᠬᠠᠢ ᠶᠢᠨ ᠲᠠᠯᠠᠪᠠᠢ ᠳᠤ ᠠᠵᠢᠯᠯᠠᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠢᠦᠢ ᡁᠢ ᠶᠦᠩ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠲᠤᠬᠠᠢ ᠶᠢᠨ ᠲᠠᠯᠠᠪᠠᠢ ᠳᠤ ᠬᠦᠷᠴᠦ ᠠᠵᠢᠯᠯᠠᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠭᠡᠬᠦ ᠪᠠᠶᠢᠭᠤᠯᠤᠯᠲᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠠᠰᠠᠭᠤᠳᠠᠯ ᠤᠨ ᠲᠤᠬᠠᠢ ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ ᠪᠣᠳᠠᠲᠠᠢ ᠬᠠᠷᠢᠭᠤᠴᠠᠯᠭᠠᠲᠤ ᠨᠢᠭᠡᠴᠡ ᠵᠢᠴᠢ ᠬᠠᠷᠢᠭᠤᠴᠠᠯᠭᠠᠲᠠᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠤ ᠬᠠᠮᠲᠤ ᠳᠠᠷᠠᠭᠠᠴᠢ ᠶᠢᠨ ᠠᠯᠬᠤᠮ ᠤᠨ ᠲᠣᠭᠤᠷᠢᠭ ᠤᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠳᠤ ᠱᠠᠭᠠᠷᠳᠠᠯᠭ᠎ᠠ ᠳᠤᠷᠠᠳᠴᠠᠢ᠃      ᠢᠦᠢ ᡁᠢ ᠶᠦᠩ ᠬᠡᠯᠡᠭᠰᠡᠨ ᠨᠢ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠪᠠᠨ ᠪᠠᠲᠤᠳᠬᠠᠵᠤ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠦᠷᠦ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠨᠠᠮ ᠤᠨ ᠲᠥᠪ ᠬᠤᠷᠢᠶᠠᠨ ᠤ ︽ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠶᠢ ᠪᠠᠷᠢᠮᠲᠠᠯᠠᠵᠤ ᠰᠢᠨ᠎ᠡ ᠴᠠᠭ ᠦᠶ᠎ᠡ ᠶᠢᠨ ᠠᠷᠠᠳ ᠤᠨ ᠵᠡᠪᠰᠡᠭᠲᠦ ᠬᠦᠴᠦᠨ ᠤ ᠠᠵᠢᠯ ᠢ ᠴᠢᠩᠭᠠᠳᠬᠠᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠲᠠᠯ᠎ᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠣᠷᠢᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠵᠣᠬᠢᠶᠠᠨ ᠪᠠᠶᠢᠭᠤᠯᠵᠤ᠂ ᠪᠣᠳᠠᠲᠠᠢ ᠬᠡᠷᠡᠭ ᠤᠨ ᠪᠣᠳᠠᠲᠤ ᠪᠠᠶᠢᠯᠳᠤᠭᠠᠨ ᠤ ᠪᠡᠯᠡᠳᠬᠡᠯ ᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠪᠣᠳᠠᠲᠤ ᠪᠠᠶᠢᠯᠳᠤᠭᠠᠨ ᠤ ᠪᠣᠳᠠᠲᠠᠢ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠲᠡᠯᠢᠭ ᠵᠢᠱᠢᠶ᠎ᠡ ᠶᠢ ᠪᠤᠢ ᠪᠣᠯᠭᠠᠬᠤ ᠪᠠᠷ ᠪᠠᠷᠠᠬᠤ ᠦᠭᠡᠢ ᠪᠠᠰᠠ ᠪᠦᠬᠦ ᠲᠠᠯ᠎ᠠ ᠪᠠᠷ ᠬᠥᠭᠵᠢᠭᠦᠯᠵᠦ᠂ ᠡᠳᠦᠷ ᠲᠤᠳᠤᠮ ᠤᠨ ᠠᠵᠢᠯ ᠳᠠᠭᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤ᠋ ᠯᠸᠢ᠂ ᠤᠯᠤᠰ ᠲᠦᠷᠦ ᠶᠢᠨ ᠭᠡᠰᠢᠭᠦᠨ ᠵᠢᠶᠠ ᠹᠸᠢ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠮᠠ ᠺᠠᠢ᠂ ᠲᠣᠭᠤᠷᠢᠭ ᠤᠨ ᠤᠯᠤᠰ ᠤᠨ ᠬᠥᠳᠡᠯᠭᠡᠭᠡᠨ ᠤ ᠠᠯᠪᠠᠨ ᠭᠡᠷ ᠤᠨ ᠬᠠᠷᠢᠭᠤᠴᠠᠯᠭᠠᠲᠠᠨ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠬᠥᠮᠦᠰ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号