ᠢᠦᠢ ᡁᠢ ᠶᠦᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ᠂ ᠭᠦᠬᠤᠰᠣ ᠪᠠᠯᠭᠠᠰᠤ ᠶᠢᠨ ︽ᠭᠤᠷᠪᠠᠨ ᠲᠤᠰᠬᠠᠢ ᠠᠵᠢᠯ︾ ᠢ ᠨᠢᠭᠡ ᠴᠤᠭᠴᠠᠵᠢᠭᠤᠯᠤᠨ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ᠂ ᠬᠦᠬᠤᠰᠤ ᠪᠠᠯᠭᠠᠰᠤ ᠶᠢ ᠨᠢᠭᠡ ᠴᠤᠭᠴᠠᠵᠢᠭᠤᠯᠤᠨ ᠠᠬᠢᠭᠤᠯᠤᠭᠰᠠᠨ ︽ᠭᠤᠷᠪᠠᠨ ᠲᠤᠰᠬᠠᠶ ᠠᠵᠢᠯ︾ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ ᠣᠷᠣᠯᠴᠠᠪᠠ᠃      ᠢᠦᠢ ᡁᠢ ᠶᠦᠩ ᠭᠦᠬᠤᠰᠣ ᠪᠠᠯᠭᠠᠰᠤᠨ ᠤ ᠯᠢ ᠮᠢᠨ ᠨᠡᠶᠢᠭᠡᠮ ᠲᠣᠭᠤᠷᠢᠭ ᠲᠤ᠂ ︽ᠭᠤᠷᠪᠠᠨ ᠲᠤᠰᠬᠠᠢ ᠠᠵᠢᠯ︾ ᠢ ᠨᠢᠭᠡ ᠴᠤᠭᠴᠠᠵᠢᠭᠤᠯᠤᠨ ᠠᠬᠢᠭᠤᠯᠤᠭᠰᠠᠨ ᠪᠠᠶᠢᠳᠠᠯ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ ᠬᠢᠨ ︽ᠭᠤᠷᠪᠠᠨ ᠲᠤᠰᠬᠠᠢ ᠠᠵᠢᠯ︾ ᠢ ᠲᠤᠰ ᠪᠡᠶ᠎ᠡ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠴᠢᠨᠠᠭᠰᠢᠳᠠ ᠲᠣᠳᠣᠷᠬᠠᠶᠢᠯᠠᠵᠤ᠂ ᠬᠡᠷᠡᠭ ᠡᠷᠬᠢᠯᠡᠬᠦ ᠡᠭᠦᠷᠭᠡ ᠴᠢᠳᠠᠪᠬᠢ ᠶᠢ ᠲᠣᠳᠣᠷᠬᠠᠶᠢᠯᠠᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠢ ᠤᠨᠢᠨ ᠳᠡᠭᠡᠷ᠎ᠡ ᠨᠢ ᠰᠠᠶᠢᠲᠤᠷ ᠲᠥᠯᠥᠪᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃      ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠢᠦᠶ ᡁᠢ ᠶᠦᠩ ︽ᠭᠤᠷᠪᠠᠨ ᠲᠤᠰᠬᠠᠶ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠤᠳᠤᠷᠢᠳᠬᠤ ᠪᠠᠭ ᠢ ᠠᠳᠬᠤᠬᠤ᠂ ᠡᠩᠨᠡᠭᠡ ᠶᠢ ᠳᠠᠶᠢᠴᠢᠯᠠᠬᠤ᠂ ᠴᠢᠳᠠᠪᠤᠷᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠵᠤ᠂ ︽ᠭᠤᠷᠪᠠᠨ ᠲᠤᠰᠬᠠᠶ ᠠᠵᠢᠯ︾ ᠢ ᠯᠠᠪᠳᠠᠭᠤᠨ ᠪᠠᠲᠤᠲᠠᠶ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠡᠷ ᠪᠦᠯᠢ ᠶᠢᠨ ᠡᠪᠡᠳᠴᠢᠲᠡᠨ ᠨᠢᠭᠡᠪᠦᠷᠢ ᠳᠤ ᠰᠢᠯᠢᠳᠡᠭ᠂ ᠥᠨᠳᠥᠷ ᠪᠦᠲᠦᠮᠵᠢᠲᠡᠶ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ ᠭᠡᠪᠡ᠃      ᠸᠠᠨ ᠮᠦ ᠲᠠᠨ ᠲᠣᠰᠬᠤᠨ ᠳᠤ᠂ ᠢᠦᠢ ᡁᠢ ᠶᠦᠩ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ︽ᠭᠤᠷᠪᠠᠨ ᠲᠤᠰᠬᠠᠢ ᠠᠵᠢᠯ︾᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠲᠦᠮᠡᠨ ᠳᠤ ᠦᠢᠯᠡᠴᠢᠯᠡᠬᠦ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠶᠡᠬᠡᠪᠡᠷ ᠠᠬᠢᠭᠤᠯᠵᠤ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠢ ᡁᠢ ᠶᠦᠩ ᠬᠡᠯᠡᠭᠰᠡᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ︽ᠭᠤᠷᠪᠠᠨ ᠲᠤᠰᠬᠠᠢ ᠠᠵᠢᠯ︾ ᠢ ᠨᠢᠭᠡ ᠴᠤᠭᠴᠠᠵᠢᠭᠤᠯᠤᠨ ᠪᠠᠶᠢᠷᠢᠯᠠᠭᠤᠯᠬᠤ᠂ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠶᠢ ᠲᠤᠪᠤᠶᠢᠯᠭᠠᠵᠦ᠂ ᠨᠠᠶᠢᠳᠠᠪᠤᠷᠢᠵᠢᠭᠤᠯᠬᠤ ᠶᠠᠪᠤᠴᠠ ᠳᠤ ᠠᠰᠠᠭᠤᠳᠠᠯ ᠢ ᠡᠷᠢᠵᠦ᠂ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠬᠠᠨᠤᠮᠵᠢ ᠶᠢᠨ ᠬᠡᠮᠵᠢᠶ᠎ᠡ ᠪᠠᠷ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号