ᠪᠠᠢ ᠴᠦᠨ ᠯᠸᠢ ᠪᠥᠬᠦ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
      7 ᠰᠠᠷ᠎ᠠ ᠶᠢᠨ 5 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠤᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠵᠢᠴᠢ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ᠂ ᠠᠬᠢᠭᠤᠯᠬᠤ ᠠᠷᠭ᠎ᠠ ᠬᠡᠮᠵᠢᠶ᠎ᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ 2024 ᠣᠨ ᠤ ᠴᠠᠭ ᠨᠢᠭᠡᠨᠲᠡ ᠬᠠᠭᠠᠰ ᠠᠴᠠ ᠬᠡᠲᠦᠷᠡᠵᠡᠶ᠂ ᠭᠤᠷᠪᠠᠳᠤᠭᠠᠷ ᠤᠯᠠᠷᠢᠯ ᠪᠣᠯ ᠠᠵᠤ ᠠᠬᠤᠶ ᠶᠢᠨ ᠬᠥᠭᠵᠢᠯᠲᠡ ᠶᠢᠨ ︽ᠰᠢᠵᠢᠷ ᠠᠯᠲᠠᠨ ᠤᠯᠠᠷᠢᠯ︾ ᠮᠥᠨ᠂ ᠪᠠᠰᠠ ᠴᠤ ᠪᠥᠬᠦ ᠵᠢᠯ ᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠃ ᠡᠯ᠎ᠡ ᠰᠠᠯᠠᠭ᠎ᠠ ᠮᠥᠴᠢᠷ ᠤᠨ ᠬᠢᠨ ᠴᠤᠭ ᠪᠠᠳᠠᠷᠠᠩᠭᠤᠶ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠭᠤᠣᠯ ᠤᠶᠤᠨ ᠴᠢᠳᠠᠯ ᠢᠶᠠᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠡᠭᠡᠷ᠎ᠡ ᠲᠠᠯᠪᠢᠵᠤ᠂ ︽ᠮᠣᠷᠢ ᠤᠷᠤᠯᠳᠤᠬᠤ︾ ᠲᠤᠷᠰᠢᠯᠭ᠎ᠠ ᠪᠠ ᠡᠷᠴᠢ ᠵᠣᠷᠢᠭ ᠢᠶᠠᠨ ᠪᠠᠳᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ᠃      ᠬᠤᠷᠠᠯ ᠠᠴᠠ᠂ ᠠᠷᠭ᠎ᠠ ᠪᠦᠬᠦᠨ ᠢ ᠰᠦᠪᠡᠭᠴᠢᠯᠡᠨ ᠠᠬᠢᠴᠠ ᠶᠢ ᠠᠳᠬᠤᠵᠤ᠂ ᠰᠠᠭᠤᠵᠤ ᠳᠡᠶᠢᠯᠬᠦ ᠦᠭᠡᠢ᠂ ᠬᠦᠯᠢᠶᠡᠵᠦ ᠳᠡᠶᠢᠯᠬᠦ ᠦᠭᠡᠢ᠂ ᠤᠳᠠᠭᠠᠰᠢᠷᠠᠭᠤᠯᠵᠤ ᠳᠡᠶᠢᠯᠬᠦ ᠦᠭᠡᠢ ᠲᠤᠯᠭᠠᠮ᠎ᠠ ᠰᠡᠳᠬᠢᠯᠭᠡ ᠪᠠᠷ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠦᠴᠢᠷ ᠠᠰᠠᠭᠤᠳᠠᠯ ᠢ ᠰᠢᠰᠲ᠋ᠧᠮ ᠲᠠᠢ ᠪᠠᠷ ᠡᠮᠬᠢᠯᠡᠨ ᠰᠢᠢᠳᠪᠦᠷᠢᠯᠡᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠭᠤᠤᠯᠳᠠᠯᠭ᠎ᠠ ᠲᠠᠢ ᠲᠥᠷᠥᠯ ᠵᠦᠢᠯ ᠳᠤ ᠣᠷᠣᠰᠢᠵᠤ ᠪᠠᠶᠢᠭ᠎ᠠ ᠠᠰᠠᠭᠤᠳᠠᠯ ᠤᠨ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠵᠤ᠂ ᠲᠥᠷᠥᠯ ᠵᠦᠢᠯ ᠤᠨ ᠮᠥᠷᠳᠡᠨ ᠦᠢᠯᠡᠴᠢᠯᠡᠬᠦ ᠪᠠᠲᠤᠯᠠᠭ᠎ᠠ ᠶᠢ ᠴᠢᠩᠭᠠᠳᠬᠠᠨ᠂ ᠠᠵᠤ ᠠᠬᠤᠶᠢᠯᠠᠯ ᠢ ᠬᠠᠪᠰᠤᠷᠤᠨ ᠡᠨᠧᠷᠭᠢ ᠬᠡᠷᠡᠭᠯᠡᠬᠦ᠂ ᠤᠰᠤ ᠬᠡᠷᠡᠭᠯᠡᠬᠦ᠂ ᠭᠠᠵᠠᠷ ᠬᠡᠷᠡᠭᠯᠡᠬᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠥᠷᠥᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠬᠡᠨ ᠭᠦᠢᠴᠡᠳᠬᠡᠯᠭᠡᠵᠦ᠂ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠨᠠᠩ ᠣᠯᠠᠨ ᠪᠣᠳᠠᠲᠤ ᠠᠵᠢᠯ ᠤᠨ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠲᠤᠭᠤᠷᠢᠭ ᠤᠨ ᠱᠠᠲᠤᠨ ᠤ ᠤᠳᠤᠷᠢᠳᠤᠯᠭ᠎ᠠ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠲᠥᠷᠥᠯ ᠵᠦᠢᠯ ᠢᠶᠠᠨ ᠴᠢᠩᠭ᠎ᠠ ᠠᠩᠬᠠᠷᠴᠤ᠂ ᠡᠮᠦᠨ᠎ᠡ ᠨᠢ ᠵᠢᠯᠣᠭᠤᠳᠴᠤ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠶ︔ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠶᠡᠷᠦᠩᠬᠡᠶᠢᠯᠡᠨ ᠳᠠᠶᠢᠴᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠦᠴᠦᠨ ᠵᠦᠢᠯ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠲᠠ ᠬᠠᠮᠵᠢᠯᠴᠠᠵᠤ᠂ ᠲᠥᠷᠥᠯ ᠵᠦᠢᠯ ᠤᠨ ᠬᠠᠷᠢᠭᠤᠴᠠᠯᠭᠠᠲᠠᠨ ᠨᠢᠭᠡᠳᠦᠭᠡᠷ ᠹᠷᠣᠨᠲ ᠲᠤ ᠨᠠᠷᠢᠨ ᠨᠢᠮᠪᠠᠢ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠢᠷᠡᠬᠦ ᠵᠢᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠨᠥᠭᠡᠴᠡ ᠶᠢ ᠡᠷᠲᠡᠬᠡᠨ ᠲᠥᠯᠥᠪᠵᠢᠭᠦᠯᠵᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠠᠷᠠᠯᠵᠢᠶᠠᠴᠢᠨ ᠤᠷᠢᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠣᠷᠣᠭᠤᠯᠤᠨ ᠨᠥᠭᠡᠴᠡᠯᠡᠵᠦ᠂ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ᠃      ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠨᠠᠭᠰᠢᠳᠠ ᠪᠠᠲᠤᠳᠬᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠦᠶᠡᠷ ᠢ ᠰᠡᠷᠭᠡᠶᠢᠯᠡᠬᠦ ᠪᠡᠯᠡᠳᠬᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠨᠴᠠᠭᠠᠶᠢᠯᠠᠨ ᠡᠯ᠎ᠡ ᠪᠠᠯᠭᠠᠰᠤᠨ ᠤ ᠠᠯᠪᠠᠨ ᠭᠡᠷ᠂ ᠬᠦᠷᠢᠶᠡᠯᠡᠩ ᠲᠣᠭᠤᠷᠢᠭ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠠᠵᠤ ᠠᠬᠤᠶᠢᠯᠠᠯ᠂ ᠭᠠᠯ ᠤᠨᠲᠠᠷᠠᠭᠠᠬᠤ ᠵᠡᠷᠭᠡ ᠬᠦᠨᠳᠦ ᠶᠡᠭᠡ ᠠᠮᠤᠷ ᠲᠦᠪᠰᠢᠨ ᠤ ᠬᠡᠮ ᠰᠣᠭᠤᠭ ᠤᠨ ᠪᠣᠳᠠᠲᠤ ᠪᠠᠶᠢᠳᠠᠯ ᠳᠤ ᠴᠢᠭᠯᠡᠭᠦᠯᠦᠨ᠂ ᠭᠤᠣᠯᠳᠠᠯᠭ᠎ᠠ ᠲᠠᠢ ᠪᠠᠷ ᠠᠵᠢᠯ ᠢᠶᠠᠨ ᠬᠢᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠪᠣᠳᠠᠲᠠᠢ ᠠᠷᠭ᠎ᠠ ᠬᠡᠮᠵᠢᠶ᠎ᠡ ᠪᠠᠷ ᠬᠤᠷᠠᠯ ᠤᠨ ᠬᠤᠭᠤᠴᠠᠭᠠᠨ ᠳᠠᠬᠢ ᠲᠣᠭᠲᠠᠭᠤᠨ ᠢ ᠬᠠᠮᠠᠭᠠᠯᠠᠬᠤ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠶᠢ ᠡᠨᠡ ᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠡᠳᠦᠯᠲᠡᠢ ᠲᠥᠯᠥᠪᠵᠢᠭᠦᠯᠵᠦ᠂ ᠬᠠᠮᠵᠢᠯᠴᠠᠨ ᠠᠬᠢᠭᠤᠯᠵᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠬᠠᠷᠠᠯᠲᠠ᠂ ᠪᠡᠶᠡᠯᠡᠭᠦᠯᠬᠦ ᠴᠠᠭ ᠤᠨ ᠬᠢᠵᠠᠭᠠᠷ᠂ ᠲᠣᠪᠤᠶᠢᠮ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠦᠳᠲᠡᠷ ᠲᠦᠷᠭᠡᠨ ᠬᠥᠳᠡᠯᠦᠯᠴᠡᠵᠦ᠂ ᠪᠣᠳᠠᠲᠠᠢ ︽ᠬᠠᠲᠠᠭᠤ ᠠᠷᠭ᠎ᠠ︾ ᠪᠠᠷ ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号