ᠵᠠᠰᠠᠭ ᠤᠨ ᠣᠷᠳᠣᠨ ᠤ ᠠᠯᠪᠠᠨ ᠮᠡᠳᠡᠭᠡ 2024 ᠣᠨ ᠤ 2 ᠳ᠋ᠤᠭᠠᠷ ᠬᠤᠭᠤᠴᠠᠭ᠎ᠠ ︵ᠶᠡᠷᠣᠩᠬᠡᠢ 20 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2024/7/9
政府公报封面.jpg
      ︽ᠬᠠᠶᠢᠨᠠᠨ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠠᠰᠢᠭᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠳᠤ᠄      ︽ᠬᠠᠶᠢᠨᠠᠨ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠠᠰᠢᠭᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠵᠢᠯ ᠤᠨ ᠲᠥᠰᠦᠯ︾ ᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃                               2024 ᠣᠨ ᠤ 3 ᠰᠠᠷ᠎ᠠ ᠶᠢᠨ 26 ᠤ ᠡᠳᠦᠷ      ᠬᠠᠶᠢᠨᠠᠨ ᠲᠣᠭᠤᠷᠢᠭ ᠤᠨ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠠᠰᠢᠭᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠥᠰᠦᠯ      ᠤᠰᠤ ᠬᠠᠩᠭᠠᠬᠤ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠤᠰᠤᠨ ᠤ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠬᠦ ᠶᠢᠨ ᠲᠤᠰᠠᠳᠠ᠂ ︽ᠬᠠᠶᠢᠨᠠᠨ ᠲᠣᠭᠤᠷᠢᠭ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠪᠠᠶᠢᠳᠠᠯ ᠢ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ︾ ᠶᠢᠨ ᠬᠤᠯᠪᠣᠭᠳᠠᠯ ᠪᠦᠬᠦᠢ ᠠᠰᠠᠭᠤᠳᠠᠯ ᠤᠨ ᠰᠠᠨᠠᠭᠤᠯᠭ᠎ᠠ ᠲᠠᠢ ᠬᠠᠷᠢᠴᠠᠭᠤᠯᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠪᠠ ︽ᠤᠰᠤ ᠪᠠᠷ ᠳᠥᠷᠪᠡ ᠶᠢ ᠲᠣᠭᠲᠠᠭᠠᠬᠤ︾ ᠤᠰᠤ ᠶᠢ ᠵᠠᠰᠠᠵᠤ ᠤᠰᠤ ᠶᠢ ᠬᠥᠭᠵᠢᠭᠦᠯᠬᠦ ᠰᠡᠳᠬᠢᠮᠵᠢ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠪᠠ ᠠᠰᠢᠭᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠤᠰᠤ ᠬᠠᠩᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠮᠠᠨ ᠤ ᠲᠣᠭᠤᠷᠢᠭ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠳᠣᠭᠢᠷᠠᠬᠤ ᠤᠰᠤ ᠬᠠᠮᠢᠶᠠᠷᠬᠤ ᠤᠰᠤ ᠬᠡᠷᠡᠭᠯᠡᠬᠦ ᠰᠢᠨ᠎ᠡ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ ᠭᠠᠷᠭᠠᠪᠠ᠃      ᠬᠤᠶᠠᠷ᠂ ᠶᠡᠷᠦᠩᠬᠡᠶ ᠬᠠᠷᠠᠯᠲᠠ      ᠤᠰᠤ ᠬᠠᠩᠭᠠᠬᠤ᠂ ᠤᠰᠤ ᠬᠠᠮᠢᠶᠠᠷᠬᠤ ᠤᠰᠤᠨ ᠤ ᠲᠣᠭᠲᠠᠴᠠ ᠶᠢᠨ ᠪᠠᠶᠢᠭᠤᠯᠤᠯ ᠢ ᠰᠢᠯᠤᠭᠤᠳᠬᠠᠬᠤ ᠪᠠᠷ ᠳᠠᠮᠵᠢᠭᠤᠯᠤᠨ᠂ ᠤᠰᠤ ᠬᠠᠩᠭᠠᠬᠤ ᠬᠤᠭᠤᠯᠠᠶ ᠶᠢᠨ ᠲᠣᠤᠷ ᠢ ᠬᠠᠷᠢᠯᠴᠠᠨ ᠨᠡᠪᠲᠡᠷᠡᠯᠴᠡᠭᠦᠯᠵᠦ᠂ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ 2025 ᠤᠨ ᠪᠣᠯᠬᠤ ᠳᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢᠳᠡᠪᠬᠢᠲᠡᠶ ᠦᠷ᠎ᠡ ᠪᠦᠲᠦᠮᠵᠢ ᠣᠯᠵᠤ᠂ ᠬᠠᠷᠢᠶᠠᠲᠤ ᠣᠷᠣᠨ ᠤ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠂ ᠤᠰᠤ ᠬᠠᠩᠭᠠᠬᠤ ᠬᠠᠷᠢᠴᠠᠭ᠎ᠠ ᠶᠢ ᠨᠠᠩ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠣᠯᠭᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠪᠠ ᠠᠵᠤ ᠦᠢᠯᠡᠰ ᠤᠨ ᠬᠡᠪᠴᠢᠶ᠎ᠡ᠂ ᠠᠵᠤ ᠠᠬᠤᠶ ᠶᠢᠨ ᠪᠦᠲᠦᠴᠡ ᠵᠡᠷᠭᠡ ᠶᠢ ᠬᠠᠷᠢᠯᠴᠠᠨ ᠵᠣᠬᠢᠴᠠᠯᠳᠤᠭᠤᠯᠤᠭᠰᠠᠨ ᠣᠳᠣᠬᠢᠴᠢᠯᠠᠭᠰᠠᠨ ᠤᠰᠤ ᠠᠷᠪᠢᠯᠠᠵᠤ ᠡᠷᠴᠢᠮᠵᠢᠭᠦᠯᠦᠨ ᠬᠡᠷᠡᠭᠯᠡᠬᠦ ᠪᠠᠶᠢᠷᠢᠰᠢᠯ ᠢ ᠪᠣᠶ ᠪᠣᠯᠭᠠᠨ᠎ᠠ᠃      ᠭᠤᠷᠪᠠ᠂ ᠠᠵᠢᠯ ᠤᠨ ᠡᠭᠦᠷᠭᠡ      ᠠᠰᠠᠭᠤᠳᠠᠯ ᠨᠢᠭᠡ᠄ ᠬᠠᠢᠨᠠᠨ ᠲᠣᠭᠤᠷᠢᠭ ᠤᠨ ᠣᠯᠠᠨ ᠲᠣᠭᠠᠨ ᠤ ᠤᠰᠤ ᠬᠠᠩᠭᠠᠬᠤ ᠬᠤᠭᠤᠯᠠᠢ ᠤᠰᠤᠨ ᠤ ᠭᠤᠭᠴᠤᠭ᠎ᠠ ᠡᠷᠦᠢ ᠬᠤᠷᠤᠢ ᠦᠭᠡᠢ ᠪᠠᠢᠨ᠎ᠠ᠃ 2023 ᠣᠨ ᠳᠤ᠂ ᠬᠦᠷᠢᠶᠡᠯᠡᠩ ᠲᠣᠭᠤᠷᠢᠭ ᠤᠨ ᠠᠵᠤ ᠦᠢᠯᠡᠳᠪᠦᠷᠢ ᠳᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ 2261 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠲᠣᠰ ᠲᠣᠰ 8 ᠤᠰᠤ ᠬᠠᠩᠭᠠᠬᠤ ᠠᠵᠤ ᠠᠬᠤᠶᠢᠯᠠᠯ ᠠᠴᠠ ᠬᠠᠩᠭᠠᠵᠤ᠂ ᠡᠭᠦᠨ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 6 ᠪᠠᠶᠢᠵᠤ᠂ ᠲᠡᠷᠢᠭᠦᠯᠡᠭᠴᠢ ᠸᠠᠩ ᠯᠢ ᠰᠢᠶᠠ ᠶᠢᠨ ᠬᠤᠶᠠᠳᠤᠭᠠᠷ ᠡᠭᠡᠯᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠴᠢ ᠫᠠᠨ ᠵᠢᠩ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠡᠭᠦᠷᠭᠡ ᠳᠤ ᠳᠤᠷᠠᠳᠤᠭᠰᠠᠨ ︽ᠤᠰᠤ ᠬᠠᠩᠭᠠᠬᠤ ᠶᠢ ᠨᠢᠭᠡ ᠵᠦᠢᠯ ᠤᠨ ᠣᠯᠠᠨ ᠨᠡᠶᠢᠲᠡ ᠶᠢᠨ ᠦᠢᠯᠡᠰ ᠪᠣᠯᠭᠠᠵᠤ᠂ ᠵᠠᠰᠠᠭ ᠤᠨ ᠣᠷᠳᠣᠨ ᠤ ᠭᠠᠷ ᠲᠤ ᠡᠵᠡᠮᠳᠡᠬᠦ︾ ᠶᠠᠷᠢᠶᠠᠨ ᠤ ᠱᠠᠭᠠᠷᠳᠠᠯᠭ᠎ᠠ ᠳᠤ ᠨᠡᠶᠢᠴᠡᠬᠦ ᠥᠬᠡᠶ ᠪᠠᠶᠢᠵᠤ᠂ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ︽ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠴᠢᠩᠭ᠎ᠠ ᠪᠢᠰᠢ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠦᠷᠦᠯᠴᠡᠬᠦ ᠥᠬᠡᠶ᠂ ᠤᠰᠤ ᠬᠠᠩᠭᠠᠬᠤ ᠤᠰᠤ ᠬᠠᠮᠢᠶᠠᠷᠬᠤ ᠭᠤᠭᠴᠤᠭ᠎ᠠ ᠶᠢ ᠰᠠᠮᠠᠭᠤᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠯᠠᠨ ᠠᠵᠤ ᠠᠬᠤᠶᠢᠯᠠᠯ ᠬᠠᠤᠯᠢ ᠲᠣᠭᠲᠠᠭᠠᠯ ᠠᠴᠠ ᠵᠥᠷᠢᠴᠡᠨ ᠤᠰᠤ ᠬᠡᠷᠡᠭᠯᠡᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠳᠤᠲᠠᠭᠳᠠᠵᠤ ᠪᠠᠶᠢᠨ᠎ᠠ᠃      ᠠᠵᠢᠯ ᠤᠨ ᠬᠠᠷᠠᠯᠲᠠ᠄ ᠤᠰᠤ ᠬᠠᠩᠭᠠᠬᠤ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠭᠤᠯᠠᠶ ᠶᠢᠨ ᠲᠣᠤᠷ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠣᠲᠣ ᠶᠢᠨ ᠪᠠᠶᠢᠭ᠎ᠠ 8 ᠤᠰᠤ ᠬᠠᠩᠭᠠᠬᠤ ᠠᠵᠤ ᠠᠬᠤᠶᠢᠯᠠᠯ ᠤᠨ ᠡᠳ᠋ ᠬᠥᠷᠥᠩᠭᠡ ᠪᠤᠶᠤ ᠲᠤᠬᠠᠶᠢᠯᠠᠭᠰᠠᠨ ᠠᠵᠢᠯ ᠢ ᠱᠠᠲᠤ ᠬᠤᠪᠢᠶᠠᠨ ᠬᠠᠶᠢᠨᠠᠨ ᠲᠣᠭᠤᠷᠢᠭ ᠤᠨ ᠬᠤᠲᠠ ᠪᠠᠯᠭᠠᠰᠤ ᠶᠢᠨ ᠤᠰᠤᠨ ᠤ ᠶᠠᠪᠤᠳᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠳᠣᠷᠣᠭᠰᠢ ︽ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ︾ ᠭᠡᠵᠦ ᠲᠣᠪᠴᠢᠯᠠᠨ᠎ᠠ︶ ᠳᠤ ᠡᠮᠬᠢᠯᠡᠨ ᠨᠡᠶᠢᠯᠡᠭᠦᠯᠵᠦ᠂ ︽ᠨᠢᠭᠡ ᠳᠤ ᠣᠯᠠᠨ︾ ᠤᠰᠤ ᠬᠠᠩᠭᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃      ᠠᠵᠢᠯ ᠤᠨ ᠠᠷᠭ᠎ᠠ ᠬᠡᠮᠵᠢᠶ᠎ᠡ 1᠄ ᠦᠬᠠᠶ ᠬᠤᠲᠠ ᠶᠢᠨ ᠬᠠᠶ ᠱᠧᠩ ᠬᠤᠸᠠ ᠪᠠᠩ ᠪᠣᠬᠢᠷ ᠤᠰᠤ ᠰᠢᠢᠳᠪᠦᠷᠢᠯᠡᠬᠦ ᠬᠢᠵᠠᠭᠠᠷᠲᠤ ᠺᠣᠮᠫᠠᠨᠢ ︵ᠬᠠᠶᠢᠨᠠᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ︶ ᠶᠢᠨ ᠤᠰᠤ ᠬᠠᠩᠭᠠᠬᠤ ᠡᠳ᠋ ᠬᠥᠷᠥᠩᠭᠡ ᠵᠢᠴᠢ ᠲᠤᠬᠠᠶᠢᠯᠠᠭᠰᠠᠨ ᠠᠵᠢᠯ ᠢ ᠪᠦᠬᠦᠨ ᠢ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠳᠤ ᠰᠢᠯᠵᠢᠭᠦᠯᠦᠨ ᠥᠭᠴᠦ᠂ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠠᠴᠠ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠰᠢᠢᠳᠪᠦᠷᠢᠯᠡᠬᠦ᠂ ᠡᠭᠡᠭᠦᠯᠦᠨ ᠬᠡᠷᠡᠭᠯᠡᠬᠦ ᠡᠯ᠎ᠡ ᠭᠤᠭᠴᠤᠭ᠎ᠠ ᠶᠢᠨ ᠡᠵᠡᠩᠨᠡᠯᠲᠡ ᠬᠠᠮᠢᠶᠠᠷᠤᠯᠲᠠ ᠶᠢ ᠪᠥᠬᠦ ᠲᠠᠯ᠎ᠠ ᠪᠠᠷ ᠬᠠᠷᠢᠭᠤᠴᠠᠨ᠎ᠠ᠃      ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 3 ᠰᠠᠷ᠎ᠠ ᠶᠢᠨ 15 ᠤ ᠡᠳᠦᠷ      ᠠᠵᠢᠯ ᠤᠨ ᠠᠷᠭ᠎ᠠ ᠬᠡᠮᠵᠢᠶ᠎ᠡ 2᠄ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠠᠴᠠ ᠦᠬᠠᠶ ᠬᠤᠲᠠ ᠶᠢᠨ ᠱᠧᠩ ᠲᠠᠢ ᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠦᠬᠠᠢ ᠬᠤᠲᠠ ᠶᠢᠨ ᠱᠧᠩ ᠲᠠᠢ ᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢ ᠣᠷᠣᠯᠠᠨ ᠡᠳ᠋ᠰᠢᠭᠦᠯᠦᠨ ᠰᠢᠢᠳᠪᠦᠷᠢᠯᠡᠬᠦ ᠰᠡᠶᠢᠷᠡᠭ ᠬᠠᠭᠤᠷᠠᠢ ᠤᠰᠤᠨ ᠤ ᠦᠢᠯᠡᠳᠪᠦᠷᠢᠯᠡᠯ ᠤᠨ ᠲᠠᠰᠤᠭ ᠪᠣᠯᠭᠠᠨ ᠬᠠᠮᠲᠤᠷᠠᠯᠴᠠᠵᠤ᠂ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠠᠢ ᠷᠦᠩ ᠠᠭᠤᠷᠬᠠᠢ ᠶᠢᠨ ᠦᠢᠯᠡᠰ ᠤᠨ ᠭᠠᠳᠠᠨ᠎ᠠ ᠭᠠᠳᠠᠭᠰᠢᠯᠠᠭᠤᠯᠤᠭᠰᠠᠨ ᠰᠡᠶᠢᠷᠡᠭ ᠤᠰᠤ ᠶᠢ ᠨᠢᠭᠡᠳᠦᠯᠲᠡᠢ ᠪᠣᠷᠣᠯᠠᠭᠤᠯᠬᠤ ᠶᠢ ᠪᠡᠶᠡᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 5 ᠰᠠᠷ᠎ᠠ ᠶᠢᠨ ᠰᠡᠭᠦᠯᠴᠢ      ᠠᠵᠢᠯ ᠤᠨ ᠠᠷᠭ᠎ᠠ ᠬᠡᠮᠵᠢᠶ᠎ᠡ 3᠄ ᠨᠢᠭᠡ ᠳᠤ᠂ ᠭᠦᠬᠤᠰᠣ ︽ᠭᠤᠷᠪᠠᠨ ᠬᠠᠩᠭᠠᠯᠭ᠎ᠠ ᠨᠢᠭᠡ ᠦᠢᠯᠡᠰ︾ ᠤᠨ ᠤᠰᠤ ᠬᠠᠩᠭᠠᠬᠤ ᠪᠡᠯᠡᠳᠬᠡᠮᠵᠢ ᠶᠢ ᠬᠠᠶᠢᠨᠠᠨ ᠲᠣᠭᠤᠷᠢᠭ ᠤᠨ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠲᠣᠬᠢᠷᠠᠭᠤᠯᠬᠤ ᠬᠢᠵᠠᠭᠠᠷᠲᠤ ᠺᠣᠮᠫᠠᠨᠢ ᠠᠴᠠ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠳᠤ ᠬᠤᠪᠢᠶᠠᠷᠢᠯᠠᠨ ᠥᠭᠴᠦ᠂ ᠣᠷᠣᠨ ᠪᠦᠰᠡ ᠶᠢᠨ ᠬᠤᠭᠤᠯᠠᠶ ᠶᠢᠨ ᠲᠣᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠲᠠᠷᠠᠭᠠᠴᠢ ᠶᠢᠨ ᠠᠯᠬᠤᠮ ᠳᠤ ᠬᠤᠸᠠ ᠲᠦᠩ᠂ ᠬᠤᠸᠠ ᠶᠤᠸᠠᠨ ᠤᠰᠤ ᠬᠠᠩᠭᠠᠬᠤ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠬᠦ ᠳᠤ ᠰᠠᠭᠤᠷᠢ ᠲᠠᠯᠪᠢᠵᠤ ᠥᠭᠭᠦᠨ᠎ᠡ︔ ᠬᠤᠶᠠᠷ ᠲᠤ ᠬᠢᠨᠠᠨ ᠵᠥᠪᠰᠢᠶᠡᠷᠡᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠬᠤᠸᠠ ᠲᠦᠩ᠂ ᠬᠤᠸᠠ ᠶᠤᠸᠠᠨ ᠣᠳᠣ ᠤᠰᠤ ᠬᠠᠩᠭᠠᠬᠤ ᠠᠵᠤ ᠠᠬᠤᠶᠢᠯᠠᠯ ᠢ ᠲᠠᠷᠠᠭᠠᠴᠢ ᠶᠢᠨ ᠡᠭᠡᠯᠵᠢ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠬᠢᠬᠦ ᠦᠶ᠎ᠡ ᠳᠤ ᠤᠰᠤ ᠬᠠᠩᠭᠠᠬᠤ ᠨᠢᠭᠡᠴᠡ ᠶᠢ ᠣᠷᠣᠨ ᠤ ᠤᠰᠤᠨ ᠤ ᠶᠠᠪᠤᠳᠠᠯ ᠤᠨ ᠪᠦᠯᠦᠭᠯᠡᠯ ᠺᠣᠮᠫᠠᠨᠢ ᠪᠣᠯᠭᠠᠨ ᠲᠣᠳᠣᠷᠬᠠᠶ ᠲᠣᠭᠲᠠᠭᠠᠬᠤ ᠬᠡᠷᠡᠭᠲᠡᠶ ᠭᠡᠵᠦ ᠱᠠᠭᠠᠷᠳᠠᠪᠠ᠃ ᠳᠡᠭᠡᠷ᠎ᠡ ᠳᠤᠷᠠᠳᠤᠭᠰᠠᠨ 2 ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂  ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠤᠸᠠ ᠲᠦᠩ᠂ ᠬᠤᠸᠠ ᠶᠤᠸᠠᠨ ᠣᠲᠣ ᠶᠢᠨ ᠤᠰᠤ ᠬᠠᠩᠭᠠᠬᠤ ᠲᠤᠬᠠᠶᠢᠯᠠᠭᠰᠠᠨ ᠠᠵᠢᠯ ᠢ ᠠᠯᠬᠤᠮ ᠠᠯᠬᠤᠮ ᠢᠶᠠᠷ ᠣᠷᠣᠯᠠᠭᠤᠯᠬᠤ ᠶᠢ ᠪᠡᠶᠡᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶᠂ ᠲᠣᠭᠤᠷᠢᠭ ᠤᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠵᠤ ᠪᠠᠯᠠ ᠲᠣᠬᠢᠷᠠᠭᠤᠯᠬᠤ ᠬᠢᠵᠠᠭᠠᠷᠲᠤ ᠺᠣᠮᠫᠠᠨᠢ᠂ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ ᠶᠢᠨ ᠰᠡᠭᠦᠯᠴᠢ ᠪᠠᠷ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ  ᠪᠣᠯᠣᠨ᠎ᠠ      ᠠᠵᠢᠯ ᠤᠨ ᠠᠷᠭ᠎ᠠ ᠬᠡᠮᠵᠢᠶ᠎ᠡ 4᠄ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠠᠷᠢᠶ᠎ᠠ ᠬᠠᠲᠤᠨ ᠭᠤᠤᠯ ᠤᠨ ᠤᠰᠤ ᠠᠪᠬᠤ ᠠᠮᠠᠰᠠᠷ ᠤᠨ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠭᠡᠬᠦ ᠠᠵᠢᠯ ᠢ ᠲᠦᠷᠭᠡᠳᠬᠡᠨ ᠠᠬᠢᠭᠤᠯᠵᠤ᠂ ᠤᠰᠤ ᠠᠪᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠤ ᠳᠠᠷᠠᠭ᠎ᠠ᠂ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠳᠠᠷᠤᠶ ᠤᠰᠤ ᠠᠪᠬᠤ᠂ ᠴᠡᠪᠡᠷᠰᠢᠭᠦᠯᠬᠦ᠂ ᠤᠰᠤ ᠬᠠᠩᠭᠠᠬᠤ ᠲᠤᠰᠠᠭᠠᠷ ᠰᠢᠰᠲ᠋ᠧᠮ ᠢ ᠪᠠᠶᠢᠭᠤᠯᠵᠤ᠂ ᠡᠭᠦᠨ ᠤ ᠤᠯᠠᠮ ᠢᠶᠠᠷ ᠰᠢ ᠾᠦᠢ ᠤᠰᠤᠨ ᠤ ᠶᠠᠪᠤᠳᠠᠯ ᠤᠨ ᠺᠣᠮᠫᠠᠨᠢ ᠶᠢᠨ ᠬᠥᠭᠡᠷᠭᠡ ᠶᠢᠨ ᠥᠷᠲᠡᠭᠡ ᠠᠴᠠ ᠤᠰᠤ ᠠᠪᠬᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠤᠰᠤ ᠴᠡᠪᠡᠷᠰᠢᠭᠦᠯᠬᠦ ᠦᠢᠯᠡᠳᠪᠦᠷᠢ ᠶᠢᠨ ᠤᠰᠤ ᠬᠠᠩᠭᠠᠬᠤ ᠲᠤᠬᠠᠶᠢᠯᠠᠭᠰᠠᠨ ᠠᠵᠢᠯ ᠢ ᠣᠷᠣᠯᠠᠵᠤ ᠪᠣᠯᠤᠨ᠎ᠠ᠃ ᠡᠶᠢᠮᠦ ᠠᠴᠠ ᠰᠢ ᠾᠦᠢ ᠤᠰᠤᠨ ᠤ ᠶᠠᠪᠤᠳᠠᠯ ᠤᠨ ᠺᠣᠮᠫᠠᠨᠢ ᠨᠢ ᠴᠢ ᠫᠠᠨ ᠵᠢᠩ ᠤᠨ ᠭᠠᠵᠠᠷ ᠣᠷᠣᠨ ᠳᠤ ᠤᠰᠤ ᠬᠠᠩᠭᠠᠬᠤ ᠶᠢ ᠬᠠᠷᠢᠭᠤᠴᠠᠵᠤ᠂ ᠤᠯᠤᠰ ᠤᠨ ᠡᠨᠧᠷᠭᠢ ᠶᠢᠨ ᠪᠦᠯᠦᠭᠯᠡᠯ ᠤᠨ ᠤᠰᠤ ᠴᠡᠪᠡᠷᠰᠢᠭᠦᠯᠬᠦ ᠦᠢᠯᠡᠳᠪᠦᠷᠢ ᠨᠢ ᠵᠥᠪᠬᠡᠨ ᠲᠡᠳᠡᠨ ᠤ ᠳᠣᠲᠣᠭᠠᠳᠤ ᠶᠢᠨ ᠠᠵᠤ ᠠᠬᠤᠶᠢᠯᠠᠯ ᠳᠤ ᠤᠰᠤ ᠬᠠᠩᠭᠠᠬᠤ ᠶᠢ ᠬᠠᠷᠢᠭᠤᠴᠠᠵᠤ ᠪᠠᠶᠢᠪᠠ᠃      ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠬᠦᠯᠬᠦ ᠴᠠᠭ ᠬᠤᠭᠤᠴᠠᠭ᠎ᠠ᠄ 2024 ᠣᠨ ᠤ 8 ᠰᠠᠷ᠎ᠠ ᠶᠢᠨ ᠰᠡᠭᠦᠯᠴᠢ      ᠠᠰᠠᠭᠤᠳᠠᠯ ᠬᠤᠶᠠᠷ᠄ ᠪᠣᠬᠢᠷ ᠤᠰᠤ ᠶᠢ ᠬᠤᠷᠢᠶᠠᠨ ᠴᠤᠭᠯᠠᠭᠤᠯᠬᠤ ᠴᠢᠳᠠᠪᠤᠷᠢ ᠬᠦᠷᠦᠯᠴᠡᠬᠦ ᠦᠭᠡᠢ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠳᠤ ︽ᠢᠳᠡᠵᠦ ᠴᠠᠳᠬᠤ ᠦᠭᠡᠢ︾ ᠦᠵᠡᠭᠳᠡᠯ ᠣᠷᠣᠰᠢᠵᠤ ᠪᠠᠶᠢᠨ᠎ᠠ᠃ 2023 ᠣᠨ ᠳᠤ ᠬᠠᠶᠢᠨᠠᠨ ᠲᠣᠭᠤᠷᠢᠭ ᠤᠨ ᠬᠠᠶᠢᠨᠠᠨ ᠲᠣᠭᠤᠷᠢᠭ ︵ᠲᠤᠤᠷ᠎ᠠ ᠨᠡᠭᠦᠷᠡᠰᠦᠲᠥ᠋ᠷᠥᠭᠴᠢᠲᠤ ᠬᠦᠷᠢᠶᠡᠯᠡᠩ ᠲᠣᠭᠤᠷᠢᠭ ᠵᠢᠴᠢ ᠪᠠᠶᠠᠨᠲᠣᠬᠤᠶ ᠪᠠᠯᠭᠠᠰᠤᠨ ᠤ ᠲᠣᠭᠤᠷᠢᠭ ᠠᠴᠠ ᠭᠠᠳᠠᠨ᠎ᠠ︶ ᠤᠨ ᠠᠮᠢᠳᠤᠷᠠᠯ ᠳᠤ ᠬᠡᠷᠡᠭᠯᠡᠬᠦ ᠤᠰᠤᠨ ᠤ ᠬᠡᠮᠵᠢᠶ᠎ᠡ 376 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠠᠮᠢᠳᠤᠷᠠᠯ ᠤᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠢᠯᠡᠳᠬᠡᠮᠵᠢ ᠶᠢᠨ 70% ᠪᠠᠷ ᠪᠤᠳᠤᠪᠠᠯ᠂ ᠠᠮᠢᠳᠤᠷᠠᠯ ᠤᠨ ᠪᠣᠬᠢᠷ ᠤᠰᠤ ᠶᠢ ᠭᠠᠳᠠᠭᠰᠢᠯᠠᠭᠤᠯᠬᠤ ᠴᠢᠬᠤᠯᠠᠲᠠᠶ 263 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠣᠳᠠᠲᠠᠶ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠡᠮᠵᠢᠶ᠎ᠡ 252 ᠲᠦᠮᠡᠨ ᠪᠣᠰᠤᠭ᠎ᠠ ᠳᠥᠷᠪᠡᠯᠵᠢᠨ ᠮᠧᠳ᠋ᠷ ᠪᠠᠶᠢᠵᠤ᠂ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃ 2023 ᠣᠨ ᠳᠤ ᠪᠥᠬᠦ ᠬᠤᠲᠠ ᠶᠢᠨ ᠠᠵᠤ ᠦᠢᠯᠡᠳᠪᠦᠷᠢ ᠳᠤ ᠬᠡᠷᠡᠭᠯᠡᠬᠦ ᠤᠰᠤ ᠵᠢᠴᠢ ᠠᠵᠤ ᠦᠢᠯᠡᠳᠪᠦᠷᠢ ᠶᠢᠨ ᠪᠣᠬᠢᠷ ᠤᠰᠤ ᠶᠢ ᠴᠤᠭᠯᠠᠭᠤᠯᠤᠭᠰᠠᠨ ᠪᠠᠶᠢᠳᠠᠯ ᠢ ᠵᠠᠳᠠᠯᠵᠤ ᠪᠣᠯᠤᠨ᠎ᠠ᠂ ᠬᠠᠶᠢᠨᠠᠨ ᠲᠣᠭᠤᠷᠢᠭ ᠤᠨ ᠠᠵᠤ ᠦᠢᠯᠡᠳᠪᠦᠷᠢ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠤᠭᠰᠠᠨ ᠬᠠᠷᠢᠴᠠᠯ ᠨᠢ ᠪᠥᠬᠦ ᠬᠤᠲᠠ ᠶᠢᠨ ᠬᠠᠮᠤᠭ ᠤᠨ ᠳᠣᠤᠷ᠎ᠠ ᠦᠨ᠎ᠡ᠂ ᠠᠵᠤ ᠦᠢᠯᠡᠳᠪᠦᠷᠢ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠤᠭᠰᠠᠨ ᠬᠡᠮᠵᠢᠶ᠎ᠡ ᠨᠢ ᠬᠠᠶᠢᠷᠤᠪ ᠤᠨ ᠲᠣᠬᠤᠢ ᠲᠣᠭᠤᠷᠢᠭ ᠲᠠᠢ ᠣᠶᠢᠷᠠᠲᠤᠵᠤ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠪᠠ ᠤᠳᠠ ᠲᠣᠭᠤᠷᠢᠭ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃      ᠠᠵᠢᠯ ᠤᠨ ᠬᠠᠷᠠᠯᠲᠠ᠄ ᠪᠣᠬᠢᠷ ᠤᠰᠤ ᠴᠤᠭᠯᠠᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷ ᠤᠰᠤ ᠶᠢ ᠬᠤᠷᠢᠶᠠᠬᠤ ᠶᠣᠰᠣᠲᠠᠶ ᠶᠢ ᠨᠢ ᠪᠦᠬᠦᠨ ᠢ ᠬᠤᠷᠢᠶᠠᠵᠤ᠂ ᠳᠠᠬᠢᠯᠲᠠ ᠤᠰᠤ ᠶᠢ ᠠᠰᠢᠭᠯᠠᠬᠤ ᠲᠣᠬᠢᠷᠠᠭᠤᠯᠤᠯᠲᠠ ᠶᠢᠨ ᠬᠠᠷᠢᠴᠠᠯ ᠢ ᠳᠡᠭᠡᠭᠰᠢᠯᠡᠭᠦᠯᠦᠨ᠎ᠡ᠃      ᠠᠵᠢᠯ ᠤᠨ ᠠᠷᠭ᠎ᠠ ᠬᠡᠮᠵᠢᠶ᠎ᠡ 1᠄ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠤᠰᠤ ᠲᠠᠲᠠᠬᠤ᠂ ᠨᠡᠭᠦᠷᠡᠰᠦᠨ ᠠᠭᠤᠷᠬᠠᠢ ᠶᠢᠨ ᠰᠡᠶᠢᠷᠡᠭ ᠬᠠᠭᠤᠷᠠᠶ ᠤᠰᠤ ᠶᠢ ᠭᠠᠳᠠᠭᠰᠢ ᠭᠠᠳᠠᠭᠰᠢᠯᠠᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠰᠤ ᠲᠠᠲᠠᠬᠤ᠂ ᠤᠰᠤ ᠵᠠᠯᠠᠬᠤ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ᠂ ᠪᠣᠬᠢᠷ ᠤᠰᠤ ᠬᠠᠶᠠᠭᠳᠠᠮᠠᠯ ᠤᠰᠤ ᠶᠢ ᠬᠤᠷᠢᠶᠠᠪᠠᠰᠤ ᠵᠣᠬᠢᠬᠤ ᠶᠢ ᠨᠢ ᠪᠦᠬᠦᠨ ᠢ ᠬᠤᠷᠢᠶᠠᠬᠤ ᠶᠢ ᠦᠨᠡᠨᠬᠦ ᠪᠠᠲᠤᠯᠠᠨ᠎ᠠ᠃      ᠬᠠᠷᠢᠭᠤᠴᠠᠯᠭᠠᠲᠤ ᠨᠢᠭᠡᠴᠡ᠄ ᠬᠠᠶᠢᠨᠠᠨ  ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 5 ᠰᠠᠷ᠎ᠠ ᠶᠢᠨ ᠰᠡᠭᠦᠯᠴᠢ      ᠠᠵᠢᠯ ᠤᠨ ᠠᠷᠭ᠎ᠠ ᠬᠡᠮᠵᠢᠶ᠎ᠡ 2᠄ ᠬᠤᠲᠠ ᠶᠢᠨ ᠲᠣᠭᠤᠷᠢᠭ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠬᠤᠲᠠ ᠶᠢᠨ ᠲᠣᠭᠤᠷᠢᠭ᠂ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠪᠣᠬᠢᠷ ᠤᠰᠤ ᠪᠠ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠬᠤᠷᠢᠶᠠᠨ ᠴᠤᠭᠯᠠᠭᠤᠯᠵᠤ ᠠᠰᠢᠭᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ      ᠪᠡᠶᠡᠯᠡᠬᠦᠯᠬᠦ ᠴᠠᠭ ᠬᠤᠭᠤᠴᠠᠭ᠎ᠠ᠄ 2024 ᠣᠨ ᠤ 12 ᠰᠠᠷ᠎ᠠ ᠶᠢᠨ ᠰᠡᠭᠦᠯᠴᠢ      ᠠᠵᠢᠯ ᠤᠨ ᠠᠷᠭ᠎ᠠ ᠬᠡᠮᠵᠢᠶ᠎ᠡ 3᠄ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷ᠎ᠠ ᠮᠡᠷᠭᠡᠰᠢᠯ ᠢ ᠰᠠᠶᠢᠵᠢᠷᠠᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠪᠠᠷᠢᠮᠵᠢᠶ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠤᠰᠤ ᠬᠡᠷᠡᠭᠯᠡᠬᠦ ᠭᠦᠢᠴᠡᠳᠬᠡᠬᠦ ᠲᠤᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠲᠤ ᠳᠤ ᠨᠢ ᠬᠠᠷᠠᠭᠠᠯᠵᠠᠵᠤ᠂ ᠡᠩ ᠤᠨ ᠪᠤᠰᠤ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠵᠤ᠂ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 6 ᠰᠠᠷ᠎ᠠ ᠶᠢᠨ ᠰᠡᠭᠦᠯᠴᠢ      ᠠᠰᠠᠭᠤᠳᠠᠯ ᠭᠤᠷᠪᠠ᠄ ᠠᠵᠤ ᠦᠢᠯᠡᠳᠪᠦᠷᠢ ᠶᠢᠨ ᠲᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠠᠷᠢᠴᠠᠯ ᠨᠢ ᠭᠤᠷᠪᠠᠨ ᠵᠢᠯ ᠳᠤ ᠳᠤᠮᠳᠠᠴᠢ ᠪᠠᠷ 53% ᠪᠣᠯᠤᠨ᠎ᠠ᠃ ᠬᠦᠷᠢᠶᠡᠯᠡᠩ ᠲᠣᠭᠤᠷᠢᠭ ᠲᠤ ᠳᠠᠬᠢᠯᠲᠠ ᠤᠰᠤ ᠪᠠᠷ ᠤᠰᠤ ᠠᠪᠬᠤ ᠵᠥᠪᠰᠢᠶᠡᠷᠡᠯ ᠤᠨ ᠴᠣᠬᠤᠯᠠᠪᠤᠷᠢ ᠶᠢ ᠣᠯᠤᠭᠰᠠᠨ ᠤᠯᠤᠰ ᠤᠨ ᠡᠨᠧᠷᠭᠢ ᠶᠢᠨ ᠨᠡᠭᠦᠷᠡᠰᠦ ᠬᠡᠤᠷᠰᠢᠭᠦᠯᠬᠦ ᠲᠥᠷᠥᠯ ᠵᠦᠶ᠋ᠯ ᠪᠠ ᠲᠡᠯᠡᠶ ᠶᠢᠨ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠴᠣᠬᠤᠯᠠᠪᠤᠷᠢ ᠶᠢ ᠭᠦᠶ᠋ᠴᠡᠳ ᠶᠣᠰᠣᠭᠠᠷ ᠳᠠᠬᠢᠯᠲᠠ ᠤᠰᠤ ᠶᠢ ᠬᠡᠷᠡᠭᠯᠡᠭᠰᠡᠨ ᠥᠬᠡᠶ᠂ ᠣᠳᠣᠬᠢ ᠪᠠᠶᠢᠳᠠᠯ ᠳᠤ ᠬᠠᠶᠢᠨᠠᠨ ᠲᠣᠭᠤᠷᠢᠭ ᠤᠨ ᠠᠵᠤ ᠦᠶ᠋ᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠬᠢᠯᠲᠠ ᠤᠰᠤ ᠶᠢ ᠭᠠᠳᠠᠭᠰᠢ ᠭᠠᠳᠠᠭᠰᠢᠯᠠᠭᠤᠯᠬᠤ ᠬᠠᠷᠢᠴᠠᠯ ᠬᠡᠲᠦ ᠥᠨᠳᠥᠷ ᠪᠠᠶᠢᠵᠤ᠂ ᠠᠵᠤ ᠦᠶ᠋ᠯᠡᠳᠪᠦᠷᠢ ᠶᠢᠨ ᠳᠠᠬᠢᠯᠲᠠ ᠶᠢᠨ ᠤᠰᠤᠨ ᠤ ᠠᠰᠢᠭᠯᠠᠯᠲᠠ ᠶᠢᠨ ᠨᠣᠷᠮ᠎ᠠ 90% ᠳᠤ ᠭᠦᠷᠦᠭᠰᠡᠨ ᠥᠬᠡᠶ ᠠᠴᠠ ᠪᠣᠯᠵᠣ᠂ ︽ᠦᠨᠡᠮᠯᠡᠯ ᠥᠬᠡᠶ ᠪᠠᠷ ᠤᠰᠤ ᠲᠠᠲᠠᠬᠤ︾ ᠪᠠ ︽ᠳᠠᠬᠢᠯᠲᠠ ᠤᠰᠤ ᠶᠢ ᠭᠠᠳᠠᠭᠰᠢ ᠭᠠᠳᠠᠭᠰᠢᠯᠠᠭᠤᠯᠬᠤ︾ ᠨᠢ ᠬᠠᠮᠲᠤ ᠪᠠᠷ ᠣᠷᠣᠰᠢᠵᠤ᠂ ᠤᠰᠤᠨ ᠤ ᠭᠦᠶ᠋ᠴᠡᠳᠬᠡᠯ ᠲᠤᠭ᠎ᠠ ᠶᠢᠨ ᠲᠣᠬᠢᠷᠠᠭᠤᠯᠤᠯᠲᠠ ᠬᠦᠷᠦᠯᠴᠡᠬᠦ ᠥᠬᠡᠶ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠳᠣᠤᠷ᠎ᠠ ᠪᠠᠶᠢᠨ᠎ᠠ᠃      ᠠᠵᠢᠯ ᠤᠨ ᠬᠠᠷᠠᠯᠲᠠ᠄ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠰᠢᠢᠳᠪᠦᠷᠢᠯᠡᠬᠦ ᠴᠢᠳᠠᠪᠤᠷᠢ ᠪᠠ ᠤᠰᠤᠨ ᠤ ᠬᠡᠮᠵᠢᠶ᠎ᠡ ᠶᠢ ᠦᠨᠳᠦᠰᠦᠯᠡᠨ᠂ ᠳᠤᠮᠳᠠᠬᠢ ᠤᠰᠤᠨ ᠤ ᠭᠦᠢᠴᠡᠳᠬᠡᠯ ᠲᠤᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠠᠵᠤ ᠦᠢᠯᠡᠳᠪᠦᠷᠢ ᠶᠢᠨ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃      ᠠᠵᠢᠯ ᠤᠨ ᠠᠷᠭ᠎ᠠ ᠬᠡᠮᠵᠢᠶ᠎ᠡ 1᠄ ᠤᠯᠤᠰ ᠤᠨ ᠡᠨᠧᠷᠭᠢ ᠶᠢᠨ ᠪᠦᠯᠦᠭᠯᠡᠯ ᠤᠨ 2 × 96 ᠲᠦᠮᠡᠨ ᠲᠣᠨ ᠬᠡᠦᠷᠡᠰᠦ ᠶᠢ ᠴᠢᠳᠬᠤᠬᠤ ᠲᠥᠷᠥᠯ ᠵᠦᠢᠯ ᠢ ᠴᠣᠬᠤᠯᠠᠪᠤᠷᠢᠯᠠᠭᠰᠠᠨ ᠤᠰᠤᠨ ᠤ ᠡᠬᠢ ᠰᠤᠷᠪᠤᠯᠵᠢ ᠶᠢᠨ ᠲᠥᠷᠥᠯ ᠬᠡᠯᠪᠡᠷᠢ ᠪᠠ ᠤᠰᠤᠨ ᠤ ᠬᠡᠮᠵᠢᠶ᠎ᠡ ᠪᠠᠷ ᠤᠰᠤ ᠲᠠᠲᠠᠵᠤ ᠬᠡᠷᠡᠭᠯᠡᠬᠦ ᠶᠢᠨ ᠬᠠᠮᠲᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠤᠳᠠᠭ᠎ᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠲᠣᠰ ᠲᠥᠷᠥᠯ ᠵᠦᠢᠯ ᠤᠨ ᠤᠰᠤ ᠲᠠᠲᠠᠵᠤ ᠬᠡᠷᠡᠭᠯᠡᠬᠦ ᠭᠤᠭᠴᠤᠭ᠎ᠠ ᠨᠢ ᠵᠢᠷᠤᠮᠵᠢᠯ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 4 ᠰᠠᠷ᠎ᠠ ᠶᠢᠨ ᠰᠡᠭᠦᠯᠴᠢ      ᠠᠵᠢᠯᠯᠠᠬᠤ ᠠᠷᠭ᠎ᠠ ᠬᠡᠮᠵᠢᠶ᠎ᠡ 2᠄ ᠳᠠᠯᠠᠢ ᠶᠢᠨ ᠴᠠᠬᠢᠯᠭᠠᠨ ᠤ ᠭᠤᠷᠪᠠᠳᠤᠭᠠᠷ ᠬᠤᠭᠤᠴᠠᠭᠠᠨ ᠤ ᠲᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠬᠠᠷᠢᠴᠠᠯ ᠢ ᠨᠡᠮᠡᠭᠳᠡᠭᠦᠯᠵᠦ᠂ ᠳᠠᠬᠢᠨ ᠬᠡᠷᠡᠭᠯᠡᠬᠦ ᠤᠰᠤ ᠶᠢ ᠦᠨᠡᠨᠬᠦ ᠪᠡᠶᠡᠯᠡᠭᠦᠯᠦᠨ᠎ᠡ᠃      ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 4 ᠰᠠᠷ᠎ᠠ ᠶᠢᠨ ᠰᠡᠭᠦᠯᠴᠢ      ᠠᠵᠢᠯ ᠤᠨ ᠠᠷᠭ᠎ᠠ ᠬᠡᠮᠵᠢᠶ᠎ᠡ 3᠄ ᠨᠣᠭᠤᠭᠠᠷᠠᠭᠤᠯᠤᠯᠲᠠ ᠶᠢᠨ ᠤᠰᠤᠯᠠᠯᠲᠠ ᠶᠢ ᠵᠣᠭᠰᠣᠭᠠᠨ ᠳᠤᠮᠳᠠ ᠤᠰᠤ ᠶᠢ ᠬᠡᠷᠡᠭᠯᠡᠵᠦ᠂ ᠪᠦᠬᠦ ᠳᠤᠮᠳᠠᠬᠢ ᠤᠰᠤ ᠶᠢ ᠳᠡᠭᠡᠷ᠎ᠡ ᠳᠤᠷᠠᠳᠤᠭᠰᠠᠨ ᠬᠤᠶᠠᠷ ᠠᠵᠤ ᠦᠢᠯᠡᠳᠪᠦᠷᠢ ᠶᠢᠨ ᠲᠥᠷᠥᠯ ᠵᠦᠢᠯ ᠳᠤ ᠬᠡᠷᠡᠭᠯᠡᠬᠦ ᠬᠡᠷᠡᠭᠲᠡᠶ᠃      ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠬᠦᠯᠬᠦ ᠴᠠᠭ ᠤᠨ ᠬᠢᠵᠠᠭᠠᠷ᠄ 2024 ᠣᠨ ᠤ 3 ᠰᠠᠷ᠎ᠠ ᠶᠢᠨ 20 ᠤ ᠡᠳᠦᠷ ᠠᠴᠠ ᠡᠮᠦᠨ᠎ᠡ      ᠠᠰᠠᠭᠤᠳᠠᠯ ᠳᠥᠷᠪᠡ᠄ ᠬᠠᠮᠢᠶᠠᠷᠤᠯᠲᠠ ᠬᠦᠷᠦᠯᠴᠡᠬᠦ ᠦᠭᠡᠢ᠂ ᠤᠰᠤᠨ ᠤ ᠦᠨ᠎ᠡ ᠶᠢᠨ ᠲᠣᠭᠲᠠᠴᠠ ᠪᠦᠷᠢᠨ ᠪᠤᠰᠤ ᠪᠠᠶᠢᠨ᠎ᠠ᠃ ᠨᠢᠭᠡ ᠳᠤ᠂ ᠳᠠᠬᠢᠯᠲᠠ ᠤᠰᠤ ᠪᠣᠯᠤᠨ ᠬᠠᠳᠤᠨ ᠭᠤᠣᠯ ᠤᠨ ᠤᠰᠤᠨ ᠤ ᠤᠰᠤᠨ ᠤ ᠦᠨ᠎ᠡ ᠶᠢᠨ ᠵᠥᠷᠢᠶ᠎ᠡ ᠨᠡᠯᠢᠶᠡᠳ ᠪᠠᠭ᠎ᠠ᠂ ᠠᠵᠤ ᠠᠬᠤᠶᠢᠯᠠᠯ ᠬᠠᠳᠤᠨ ᠭᠤᠣᠯ ᠤᠨ ᠤᠰᠤᠨ ᠤ ᠭᠦᠢᠴᠡᠳᠬᠡᠬᠦ ᠲᠤᠭ᠎ᠠ ᠶᠢ ᠠᠪᠬᠤ ᠬᠠᠨᠳᠤᠰᠢ ᠲᠠᠢ ᠪᠠᠶᠢᠵᠤ᠂ ᠬᠠᠷᠢᠨ ᠬᠡᠪ ᠤᠨ ᠪᠤᠰᠤ ᠤᠰᠤᠨ ᠤ ᠡᠬᠢ ᠰᠤᠷᠪᠤᠯᠵᠢ ᠶᠢ ᠤᠷᠢᠳ ᠢᠶᠠᠷ ᠬᠡᠷᠡᠭᠯᠡᠬᠦ ᠪᠢᠰᠢ᠂ ᠳᠠᠬᠢᠯᠲᠠ ᠤᠰᠤᠨ ᠤ ᠤᠰᠤᠨ ᠤ ᠦᠨ᠎ᠡ ᠶᠢᠨ ᠨᠥᠬᠦᠪᠥᠷᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠨ᠎ᠠ᠃ ᠬᠤᠶᠠᠷ ᠲᠤ᠂ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ᠂ ᠣᠲᠣ ᠶᠢᠨ ᠬᠡᠷᠡᠭᠵᠢᠭᠦᠯᠵᠦ ᠪᠠᠶᠢᠭ᠎ᠠ 8.5 ᠲᠥᠭᠦᠷᠢᠭ / ᠪᠣᠰᠤᠭ᠎ᠠ ᠳᠥᠷᠪᠡᠯᠵᠢᠨ ᠮᠧᠳ᠋ᠷ ᠬᠠᠲᠤᠨ ᠭᠤᠤᠯ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠪᠦᠷᠢᠨ ᠪᠤᠰᠤ ᠪᠠᠶᠢᠨ᠎ᠠ᠃ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠ ᠬᠠᠮᠢᠶᠠᠷᠬᠤ ᠳᠤᠮᠳᠠ ︽ᠬᠤᠶᠠᠷ ᠲᠠᠯ᠎ᠠ ᠪᠠᠷ ᠬᠦᠴᠦᠯᠡᠬᠦ︾ ᠲᠠᠯ᠎ᠠ ᠪᠠᠷ ᠬᠦᠷᠦᠯᠴᠡᠬᠦ ᠥᠬᠡᠶ ᠪᠠᠶᠢᠵᠤ᠂ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠵᠢᠴᠢ ᠵᠠᠬ᠎ᠠ ᠳᠡᠯᠭᠡᠭᠦᠷ ᠤᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠵᠤ ᠴᠢᠳᠠᠭᠰᠠᠨ ᠥᠬᠡᠶ ᠪᠠᠶᠢᠵᠤ᠂ ᠤᠰᠤᠨ ᠤ ᠡᠬᠢ ᠪᠠᠶᠠᠯᠢᠭ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠪᠠ᠃      ᠠᠵᠢᠯ ᠤᠨ ᠬᠠᠷᠠᠯᠲᠠ᠄ ᠤᠰᠤᠨ ᠤ ᠦᠨ᠎ᠡ ᠶᠢᠨ ᠲᠣᠭᠲᠠᠴᠠ ᠶᠢ ᠪᠦᠷᠢᠨᠰᠢᠭᠦᠯᠵᠦ᠂ ᠳᠠᠬᠢᠯᠲᠠ ᠤᠰᠤᠨ ᠤ ᠤᠰᠤᠨ ᠤ ᠦᠨ᠎ᠡ ᠳᠤ ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃      ᠠᠵᠢᠯ ᠤᠨ ᠠᠷᠭ᠎ᠠ ᠬᠡᠮᠵᠢᠶ᠎ᠡ᠄ ᠡᠯ᠎ᠡ ᠲᠥᠷᠥᠯ ᠤᠨ ᠤᠰᠤᠨ ᠰᠤᠷᠪᠤᠯᠵᠢ ᠶᠢᠨ ᠤᠰᠤ ᠬᠠᠩᠭᠠᠬᠤ ᠦᠨ᠎ᠡ ᠬᠠᠩᠰᠢ ᠶᠢ ᠲᠣᠬᠢᠷᠠᠭᠤᠯᠬᠤ ᠪᠠᠷ ᠳᠠᠮᠵᠢᠭᠤᠯᠤᠨ᠂ ᠡᠩ ᠤᠨ ᠤᠰᠤ ᠬᠢᠭᠡᠳ ᠡᠩ ᠤᠨ ᠪᠤᠰᠤ ᠤᠰᠤᠨ ᠤ ᠦᠨ᠎ᠡ ᠬᠠᠩᠰᠢ ᠶᠢᠨ ᠬᠠᠷᠢᠯᠴᠠᠨ ᠨᠥᠬᠦᠪᠥᠷᠢᠯᠡᠬᠦ ᠲᠣᠭᠲᠠᠴᠠ ᠶᠢ ᠪᠠᠶᠢᠭᠤᠯᠵᠤ᠂ ᠡᠩ ᠤᠨ ᠪᠤᠰᠤ ᠤᠰᠤ ᠶᠢ ᠬᠠᠷᠢᠴᠠᠩᠭᠤᠶ ᠦᠨ᠎ᠡ ᠬᠠᠩᠰᠢ ᠶᠢᠨ ᠳᠠᠪᠠᠭᠤᠯᠢᠭ ᠲᠠᠢ ᠪᠣᠯᠭᠠᠨ᠎ᠠ᠃ ᠡᠩ ᠤᠨ ᠪᠤᠰᠤ ᠤᠰᠤᠨ ᠤ ᠦᠨ᠎ᠡ ᠬᠠᠩᠰᠢ ᠶᠢᠨ ᠳᠠᠪᠠᠭᠤᠯᠢᠭ ᠢ ᠭᠦᠢᠴᠡᠳ ᠠᠰᠢᠭᠯᠠᠨ᠂ ᠨᠡᠭᠦᠷᠡᠰᠦᠨ ᠠᠭᠤᠷᠬᠠᠶ᠂ ᠨᠡᠭᠦᠷᠡᠰᠦ ᠰᠢᠯᠢᠬᠦ ᠪᠠ ᠬᠡᠦᠷᠰᠢᠭᠦᠯᠬᠦ ᠵᠡᠷᠭᠡ ᠠᠵᠢᠯ ᠲᠥᠷᠥᠯ ᠤᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠳᠠᠬᠢᠯᠲᠠ ᠤᠰᠤ ᠶᠢ ᠠᠯᠬᠤᠮ ᠠᠯᠬᠤᠮ ᠢᠶᠠᠷ ᠨᠠᠶᠢᠳᠠᠪᠤᠷᠢᠵᠢᠭᠤᠯᠬᠤ ᠶᠢᠨ ᠬᠠᠮᠲᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠶᠠᠪᠤᠴᠠ ᠳᠤ ᠪᠤᠰᠤᠳ ᠠᠵᠢᠯ ᠲᠥᠷᠥᠯ ᠢ 10 - 30% ᠶᠢᠨ ᠬᠠᠷᠢᠴᠠᠯ ᠢᠶᠠᠷ ᠬᠡᠪ ᠤᠨ ᠪᠤᠰᠤ ᠤᠰᠤ ᠲᠣᠬᠢᠷᠠᠭᠤᠯᠤᠨ᠎ᠠ᠃      ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ      ᠪᠡᠶᠡᠯᠡᠭᠦᠯᠬᠦ ᠴᠠᠭ ᠤᠨ ᠬᠢᠵᠠᠭᠠᠷ᠄ 2024 ᠣᠨ ᠤ 12 ᠰᠠᠷ᠎ᠠ      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠠᠵᠢᠯ ᠤᠨ ᠪᠦᠲᠦᠮᠵᠢᠲᠡᠶ᠂ ᠡᠮᠬᠢ ᠵᠢᠷᠤᠮ ᠲᠠᠢ᠂ ᠬᠦᠴᠦᠲᠡᠶ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠨᠴᠠᠭᠠᠶᠢᠯᠠᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠱᠢ ᠯᠢ ᠴᠢᠶᠠᠩ ᠲᠣᠭᠤᠷᠢᠭ ᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠴᠧᠨ ᠬᠠᠶ ᠰᠢᠶᠤᠤ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠯᠢᠦ ᠲᠢᠶᠠᠨ ᠴᠢᠩ᠄ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠸᠠᠩ ᠶᠦᠩ ᠱᠧᠩ᠄ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠪᠦᠷᠢᠯᠳᠦᠬᠦᠨ᠄ ᠸᠠᠩ ᠬᠠᠶ ᠭᠠᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ      ᠵᠦ ᠵᠢᠶᠧ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠯᠢᠦ ᠴᠢ ᠲᠤᠤ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ᠂ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ      ᠯᠢ ᠵᠢᠩ ᠸᠧᠶ᠄  ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠾᠧ ᠶᠦᠨ᠄ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ      ᠮᠠ ᠬᠠᠶ ᠹᠸᠢ᠄  ᠬᠠᠶᠢᠨᠠᠨ  ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ      ᠮᠠ ᠵᠢᠶᠦ᠋ᠨ᠄ ᠲᠣᠭᠤᠷᠢᠭ ᠤᠨ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ      ᠭᠤᠤ ᠴᠢᠤᠸᠠᠨ ᠱᠧᠩ᠄ ᠲᠤᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠲᠠᠷᠤᠭ᠎ᠠ      ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢ ᠵᠢᠩ ᠸᠧᠢ ᠬᠠᠪᠰᠤᠷᠭᠠᠨ ᠡᠭᠦᠷᠭᠡᠯᠡᠨ᠎ᠡ᠃ ᠠᠯᠪᠠᠨ ᠬᠡᠷ ᠨᠢ ᠭᠤᠤᠯᠳᠠᠭᠤ ᠡᠳᠦᠷ ᠲᠤᠲᠤᠮ ᠤᠨ ᠬᠡᠷᠡᠭ ᠪᠣᠳᠠᠰ ᠢ ᠨᠡᠪᠲᠡᠷᠡᠯᠴᠡᠨ ᠵᠣᠬᠢᠴᠠᠭᠤᠯᠬᠤ᠂ ᠬᠤᠷᠠᠯ ᠢ ᠪᠡᠯᠡᠳᠬᠡᠬᠦ᠂ ᠠᠬᠢᠴᠠ ᠶᠢ ᠲᠣᠬᠢᠷᠠᠭᠤᠯᠬᠤ ᠵᠡᠷᠭᠡ ᠬᠤᠯᠪᠣᠭᠳᠠᠯ ᠪᠥᠬᠦᠶ ᠠᠵᠢᠯ ᠢ ᠬᠠᠷᠢᠭᠤᠴᠠᠨ᠎ᠠ᠃      ︵ᠬᠤᠶᠠᠷ︶ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠴᠢᠩᠭᠠᠳᠬᠠᠨ᠎ᠠ᠃ ᠡᠯ᠎ᠡ ᠬᠠᠷᠢᠭᠤᠴᠠᠯᠭᠠᠲᠤ ᠨᠢᠭᠡᠴᠡ ᠪᠦᠬᠦ ᠲᠠᠯ᠎ᠠ ᠠᠴᠠ ᠡᠭᠦᠰᠴᠦ᠂ ᠨᠢᠭᠲᠠ ᠬᠠᠮᠵᠢᠯᠴᠠᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ᠂ ᠤᠰᠤᠨ ᠳᠤ ᠬᠤᠯᠪᠣᠭᠳᠠᠬᠤ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠶᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠠᠯᠬᠤᠮ ᠠᠯᠬᠤᠮ ᠢᠶᠠᠷ ᠵᠢᠷᠤᠮᠵᠢᠭᠤᠯᠬᠤ ᠬᠡᠷᠡᠭᠲᠡᠶ᠃      ︵ᠭᠤᠷᠪᠠ︶ ᠥᠨᠳᠥᠷ ᠪᠦᠲᠦᠮᠵᠢᠲᠡᠶ ᠠᠵᠢᠯᠯᠠᠬᠠᠨ ᠤ ᠤᠢᠷ᠎ᠠ ᠠᠰᠢᠭ᠃ ᠲᠣᠭᠤᠷᠢᠭ ᠤᠨ ᠤᠰᠤᠨ ᠤ ᠶᠠᠪᠤᠳᠠᠯ ᠤᠨ ᠪᠦᠯᠦᠭᠯᠡᠯ ᠨᠢ ᠤᠰᠤᠨ ᠳᠤ ᠬᠤᠯᠪᠣᠭᠳᠠᠬᠤ ᠡᠯ᠎ᠡ ᠲᠥᠷᠥᠯ ᠤᠨ ᠡᠳ᠋ ᠬᠥᠷᠥᠩᠭᠡ ᠪᠠ ᠲᠤᠬᠠᠶᠢᠯᠠᠭᠰᠠᠨ ᠠᠵᠢᠯ ᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ᠂ ᠠᠵᠤ ᠠᠬᠤᠶᠢᠯᠠᠯ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠡᠬᠢ ᠪᠠᠶᠠᠯᠢᠭ ᠢ ᠵᠦᠶ ᠵᠣᠬᠢᠰᠲᠠᠶ᠂ ᠰᠢᠯᠢᠳᠡᠭᠵᠢᠭᠦᠯᠦᠨ ᠠᠰᠢᠭᠯᠠᠬᠤ ᠶᠢ ᠠᠬᠢᠭᠤᠯᠵᠤ᠂ ᠬᠠᠶᠢᠨᠠᠨ ᠲᠣᠭᠤᠷᠢᠭ ᠤᠨ ᠤᠰᠤ ᠬᠠᠮᠢᠶᠠᠷᠬᠤ᠂ ᠤᠰᠤ ᠬᠠᠩᠭᠠᠬᠤ᠂ ᠤᠰᠤ ᠬᠡᠷᠡᠭᠯᠡᠬᠦ ︽ᠨᠢᠭᠡ ᠬᠥᠯᠭᠡ ᠰᠢᠲᠠᠷ᠎ᠠ︾ ᠶᠢᠨ ᠪᠠᠶᠢᠷᠢᠰᠢᠯ ᠢ ᠡᠷᠲᠡᠬᠡᠨ ᠪᠡᠶᠡᠯᠡᠭᠦᠯᠦᠨ᠎ᠡ᠃              ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                  2024 ᠣᠨ ᠤ 3 ᠰᠠᠷ᠎ᠠ ᠶᠢᠨ 26 ᠤ ᠡᠳᠦᠷ      ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠲᠤᠬᠠᠶ ᠵᠠᠷᠯᠢᠭ      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠣᠳᠣᠬᠠᠨ ᠳᠤ᠂ ᠪᠥᠬᠦ ᠬᠤᠲᠠ ᠳᠤ ᠶᠠᠭ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠦᠭᠰᠢᠭᠦᠷᠢ ᠶᠡᠬᠡᠲᠡᠶ ᠬᠤᠭᠤᠴᠠᠭᠠᠨ ᠳᠤ ᠣᠷᠣᠰᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠬᠤᠷᠢ ᠶᠢᠰᠦᠳᠦᠭᠡᠷ ᠵᠦᠢᠯ᠂ ᠭᠤᠴᠢᠨ ᠨᠢᠭᠡᠳᠦᠭᠡᠷ ᠵᠦᠢᠯ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠵᠠᠷᠯᠢᠭ ᠢ ᠨᠡᠶᠢᠲᠡᠯᠡᠪᠡ᠃      ᠨᠢᠭᠡ᠂ ᠴᠢᠩᠭ᠎ᠠ ᠰᠡᠷᠭᠡᠶᠢᠯᠡᠨ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠪᠣᠯᠤᠨ ᠣᠷᠣᠨ ᠪᠦᠰᠡ ᠶᠢ ᠲᠣᠳᠣᠷᠬᠠᠶᠢᠯᠠᠬᠤ ᠬᠡᠷᠡᠭᠲᠡᠶ      ᠮᠠᠨ ᠤ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠶᠢ ᠲᠤᠰ ᠵᠢᠯ ᠤᠨ 9 ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 6 ᠰᠠᠷ᠎ᠠ ᠶᠢᠨ 15 ᠤ ᠡᠳᠦᠷ ᠪᠣᠯᠲᠠᠯ᠎ᠠ ᠬᠤᠪᠢᠶᠠᠷᠢᠯᠠᠨ ᠲᠣᠭᠲᠠᠭᠠᠨ᠎ᠠ︔ ᠪᠦᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ᠂ ᠨᠠᠮᠤᠷ ᠤᠨ ᠤᠯᠠᠷᠢᠯ ᠤᠨ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ᠃      ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ᠄ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ ᠤᠯᠤᠰ ᠤᠨ ᠨᠤᠭᠤ ᠭᠠᠵᠠᠷ ᠤᠨ ᠴᠡᠴᠡᠷᠯᠢᠭ᠃ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠲᠣᠰ ᠬᠠᠷᠢᠶ᠎ᠠ ᠣᠷᠣᠨ ᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠬᠤᠶᠠᠷ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ      ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠴᠢᠩᠭ᠎ᠠ ᠨᠢᠮᠪᠠᠶ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃      ᠭᠤᠷᠪᠠ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ      ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠶᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠦᠬᠦᠵᠦ ᠰᠢᠷᠬᠠᠲᠤᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃      ᠳᠥᠷᠪᠡ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ      ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢ ᠴᠢᠩᠭ᠎ᠠ ᠬᠠᠮᠢᠶᠠᠷᠬᠤ ᠬᠤᠭᠤᠴᠠᠭᠠᠨ ᠳᠤ᠂ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄      ︵ᠨᠢᠭᠡ︶ ᠴᠢᠩᠭ᠎ᠠ ᠵᠠᠬᠢᠷᠤᠨ ᠬᠠᠮᠢᠶᠠᠷᠬᠤ ᠤᠷᠤᠨ ᠬᠡᠪᠴᠢᠶᠠᠨ ᠳᠤ ᠲᠠᠮᠠᠬᠢ ᠲᠠᠳᠠᠬᠤ᠂ ᠬᠡᠭᠡᠷ᠎ᠡ ᠲᠠᠯᠳᠠᠯᠠᠬᠤ᠂ ᠴᠠᠭᠠᠰᠤ ᠰᠢᠳᠠᠭᠠᠬᠤ᠂ ᠬᠦᠵᠢ ᠠᠰᠠᠭᠠᠬᠤ᠂ ᠠᠳᠠᠷ ᠰᠢᠲᠠᠭᠠᠬᠤ᠂ ᠬᠤᠸᠠᠷ ᠫᠤᠤᠵᠢᠩ ᠲᠠᠯᠪᠢᠬᠤ᠂ ᠭᠠᠯ ᠲᠠᠯᠪᠢᠨ ᠳᠤᠯᠠᠭᠠᠯᠠᠬᠤ᠂ ᠬᠤᠭ ᠨᠤᠪᠰᠢ ᠰᠢᠳᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠦᠨᠡᠨ ᠬᠦ ᠣᠨᠴᠠᠭᠠᠶ ᠰᠢᠯᠲᠠᠭᠠᠨ ᠠᠴᠠ ᠪᠣᠯᠵᠣ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠵᠢᠴᠢ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠡᠷᠬᠡᠪᠰᠢ ᠡᠯ᠎ᠡ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠂ ᠲᠣᠭᠲᠠᠭᠰᠠᠨ ᠴᠠᠭ᠂ ᠭᠠᠵᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠪᠠᠶᠢᠴᠠᠭᠠᠬᠤ ᠠᠵᠢᠯ ᠤᠨ ᠪᠠᠶᠢᠷᠢ ᠵᠡᠷᠭᠡ ᠶᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠬᠤ ᠬᠡᠷᠡᠭᠲᠡᠶ᠃ ᠭᠠᠯ ᠤᠨ ᠲᠥᠷᠥᠯ ᠪᠤᠶᠤ ᠨᠣᠴᠣᠮᠠᠲᠠᠭᠠᠶ ᠲᠡᠰᠦᠷᠡᠮᠡᠲᠡᠭᠡᠶ ᠪᠣᠳᠠᠰ ᠠᠪᠴᠤ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠲᠡᠷᠭᠡ ᠬᠥᠰᠬᠡ ᠵᠢᠴᠢ ᠬᠥᠮᠦᠰ ᠪᠦᠬᠦᠨ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢᠨ ᠬᠠᠮᠲᠤ ︽ᠭᠠᠯ ᠰᠡᠷᠭᠡᠶᠢᠯᠡᠬᠦ ᠺᠣᠳ᠋︾ ᠢ ᠰᠢᠷᠪᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠪᠣᠯ ᠭᠠᠯ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢᠨ ᠰᠠᠭᠠᠳ ᠪᠤᠶᠤ ᠵᠢᠯᠣᠭᠤᠴᠢ ᠠᠶᠠᠨᠴᠢᠳ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠲᠡᠷᠭᠡ ᠬᠥᠰᠬᠡ ᠶᠢᠨ ᠵᠢᠯᠣᠭᠤᠴᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠡᠭᠡᠷᠡᠬᠢ ᠲᠣᠭᠲᠠᠭᠠᠯ ᠢ ᠵᠥᠷᠢᠴᠡᠭᠰᠡᠨ ᠨᠢᠭᠡᠴᠢ ᠪᠠ ᠬᠤᠪᠢ ᠬᠥᠮᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠨ᠎ᠠ᠃      ᠲᠠᠪᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠢ      ᠡᠯ᠎ᠡ ᠲᠣᠭᠤᠷᠢᠭ᠂ ᠪᠠᠷᠠᠭᠤᠨ ᠣᠷᠳᠣᠰ ᠲᠠᠬᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ᠂ ᠰᠤᠪᠤᠷᠭ᠎ᠠ ᠶᠢᠨ ᠬᠠᠷᠠᠭᠤᠯ ᠤᠨ ᠪᠠᠷᠠᠭ᠎ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠤᠲᠠᠰᠤ ᠪᠠᠷ ᠲᠦᠭᠰᠢᠭᠦᠷᠢ ᠭᠥᠯᠢᠶᠡᠨ ᠠᠪᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠡᠳᠦᠷ ᠢᠶᠠᠷ ᠢᠶᠠᠨ ᠭᠠᠯ ᠲᠦᠢᠮᠡᠷ ᠤᠨ ᠪᠠᠶᠢᠳᠠᠯ ᠢ ᠬᠢᠨᠠᠨ ᠡᠵᠡᠮᠳᠡᠨ᠎ᠡ᠃ ᠰᠠᠯᠠᠭ᠎ᠠ ᠮᠥᠴᠢᠷ ᠤᠨ ᠭᠠᠯ ᠤᠨ ᠠᠶᠤᠯ ᠤᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠪᠠ ᠬᠠᠮᠲᠤᠷᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠭᠠᠯ ᠤᠨ ᠪᠠᠶᠢᠳᠠᠯ ᠢ ᠮᠡᠳᠡᠭᠦᠯᠦᠨ ᠬᠦᠷᠭᠡᠬᠦ ᠵᠡᠷᠭᠡ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠦᠨ᠎ᠡ᠃      ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ      ᠴᠠᠭ ᠠᠭᠤᠷ ᠤᠨ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠢᠩᠭᠠᠳᠬᠠᠵᠤ᠂ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠴᠠᠭ ᠠᠭᠤᠷ ᠢ ᠴᠠᠭ ᠲᠤᠬᠠᠶ ᠳᠤᠨᠢ ᠡᠷᠭᠢᠯᠳᠦᠭᠦᠯᠦᠨ ᠨᠡᠶᠢᠲᠡᠯᠡᠵᠦ᠂ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠤᠨ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠵᠢᠷᠤᠮᠵᠢᠯ︾ ᠵᠢᠴᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠠᠯ ᠲᠠᠢ ᠪᠣᠯ ᠵᠠᠪᠠᠯ ᠮᠡᠳᠡᠭᠦᠯᠬᠦ᠂ ᠮᠡᠳᠡᠭᠦᠯᠬᠦ ᠶᠢ ᠵᠡᠷᠭᠡᠪᠡᠷ ᠶᠠᠪᠤᠭᠳᠠᠭᠤᠯᠬᠤ︾ ᠪᠠ ᠭᠤᠣᠯᠳᠠᠯᠭ᠎ᠠ ᠲᠠᠢ ᠴᠠᠭ ᠬᠤᠭᠤᠴᠠᠭᠠᠨ ᠤ ︽ᠡᠳᠦᠷ ᠤᠨ ᠮᠡᠳᠡᠭᠦᠯᠦᠯᠲᠡ︾᠂ ︽ᠥᠴᠦᠬᠡᠨ ᠴᠦ ᠮᠡᠳᠡᠭᠦᠯᠬᠦ ᠦᠭᠡᠢ︾ ᠪᠠᠶᠢᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ᠂ ᠰᠤᠷᠤᠭᠴᠢᠳ ᠭᠠᠯ ᠤᠨᠲᠠᠷᠠᠭᠠᠬᠤ ᠳᠤ ᠣᠷᠣᠯᠴᠠᠬᠤ ᠶᠢ ᠴᠢᠩᠭ᠎ᠠ ᠴᠠᠭᠠᠵᠠᠯᠠᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠠᠳᠡᠯ ᠪᠣᠯᠤᠨ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠤᠲᠠᠰᠤ᠄ 119 ᠪᠤᠶᠤ 12119᠃      ᠲᠤᠯᠤᠭ᠎ᠠ᠂ ᠬᠢᠨᠠᠨ ᠵᠢᠯᠤᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ      ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠨᠢᠭᠡᠪᠦᠷᠢ ᠶᠢ ᠵᠠᠪᠠᠯ ᠪᠠᠶᠢᠴᠠᠭᠠᠵᠤ᠂ ᠬᠡᠷᠡᠭ ᠨᠢᠭᠡᠪᠦᠷᠢ ᠶᠢ ᠵᠠᠪᠠᠯ ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠠᠴᠠ ᠪᠣᠯᠵᠣ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠭᠠᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭᠠᠲᠠᠨ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃                               2024 ᠣᠨ ᠤ 3 ᠰᠠᠷ᠎ᠠ ᠶᠢᠨ 22 ᠤᠨ ᠡᠳᠦᠷ
政府公报内页2.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号