ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠲᠤᠬᠠᠶ ᠵᠠᠷᠯᠢᠭ
ᠨᠡᠶᠢᠲᠡᠯᠡᠭᠰᠡᠨ ᠴᠠᠭ᠄
2024/7/9
      ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠣᠳᠣᠬᠠᠨ ᠳᠤ᠂ ᠪᠥᠬᠦ ᠬᠤᠲᠠ ᠳᠤ ᠶᠠᠭ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠦᠭᠰᠢᠭᠦᠷᠢ ᠶᠡᠬᠡᠲᠡᠶ ᠬᠤᠭᠤᠴᠠᠭᠠᠨ ᠳᠤ ᠣᠷᠣᠰᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠤᠨ ᠬᠤᠷᠢ ᠶᠢᠰᠦᠳᠦᠭᠡᠷ ᠵᠦᠢᠯ᠂ ᠭᠤᠴᠢᠨ ᠨᠢᠭᠡᠳᠦᠭᠡᠷ ᠵᠦᠢᠯ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠳᠣᠤᠷᠠᠬᠢ ᠮᠡᠲᠦ ᠵᠠᠷᠯᠢᠭ ᠢ ᠨᠡᠶᠢᠲᠡᠯᠡᠪᠡ᠃      ᠨᠢᠭᠡ᠂ ᠴᠢᠩᠭ᠎ᠠ ᠰᠡᠷᠭᠡᠶᠢᠯᠡᠨ ᠵᠠᠬᠢᠷᠤᠨ ᠬᠠᠮᠢᠶᠠᠷᠬᠤ ᠴᠠᠭ ᠬᠤᠭᠤᠴᠠᠭ᠎ᠠ ᠪᠣᠯᠤᠨ ᠣᠷᠣᠨ ᠪᠦᠰᠡ ᠶᠢ ᠲᠣᠳᠣᠷᠬᠠᠶᠢᠯᠠᠬᠤ ᠬᠡᠷᠡᠭᠲᠡᠶ      ᠮᠠᠨ ᠤ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ ᠶᠢ ᠲᠤᠰ ᠵᠢᠯ ᠤᠨ 9 ᠰᠠᠷ᠎ᠠ ᠶᠢᠨ 15 ᠤ ᠡᠳᠦᠷ ᠠᠴᠠ ᠳᠠᠷᠠᠭ᠎ᠠ ᠵᠢᠯ ᠤᠨ 6 ᠰᠠᠷ᠎ᠠ ᠶᠢᠨ 15 ᠤ ᠡᠳᠦᠷ ᠪᠣᠯᠲᠠᠯ᠎ᠠ ᠬᠤᠪᠢᠶᠠᠷᠢᠯᠠᠨ ᠲᠣᠭᠲᠠᠭᠠᠨ᠎ᠠ︔ ᠪᠦᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ ᠪᠣᠯ ᠬᠠᠪᠤᠷ ᠤᠨ ᠤᠯᠠᠷᠢᠯ ᠤᠨ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ᠂ ᠨᠠᠮᠤᠷ ᠤᠨ ᠤᠯᠠᠷᠢᠯ ᠤᠨ 9 ᠰᠠᠷ᠎ᠠ  ᠶᠢᠨ 15  ᠤ ᠡᠳᠦᠷ  ᠠᠴᠠ  11  ᠰᠠᠷ᠎ᠠ  ᠶᠢᠨ  15  ᠤ  ᠡᠳᠦᠷ  ᠪᠣᠯᠲᠠᠯ᠎ᠠ᠃      ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ᠄ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ ᠤᠯᠤᠰ ᠤᠨ ᠨᠤᠭᠤ ᠭᠠᠵᠠᠷ ᠤᠨ ᠴᠡᠴᠡᠷᠯᠢᠭ᠃ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ ᠲᠣᠰ ᠬᠠᠷᠢᠶ᠎ᠠ ᠣᠷᠣᠨ ᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠣᠷᠣᠨ ᠪᠦᠰᠡ ᠶᠢ ᠬᠤᠪᠢᠶᠠᠷᠢᠯᠠᠨ ᠲᠣᠭᠲᠠᠭᠠᠵᠤ᠂ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠬᠤᠶᠠᠷ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ      ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠶᠢᠨ ᠳᠠᠷᠤᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠬᠠᠷᠢᠶ᠎ᠠ ᠣᠷᠣᠨ᠂ ᠰᠠᠯᠠᠭ᠎ᠠ ᠮᠥᠴᠢᠷ᠂ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠴᠢᠩᠭ᠎ᠠ ᠨᠢᠮᠪᠠᠶ ᠲᠣᠣᠷᠵᠢᠭᠤᠯᠤᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠬᠡᠷᠡᠭᠲᠡᠶ᠃      ᠭᠤᠷᠪᠠ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ᠎ᠡ      ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠶᠢ ᠠᠪᠴᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ᠂ ᠠᠮᠤᠷ ᠲᠦᠪᠰᠢᠨ ᠤ ᠦᠵᠡᠯ ᠤᠬᠠᠮᠰᠠᠷ ᠪᠠ ᠬᠠᠤᠯᠢ ᠪᠠᠷ ᠵᠠᠰᠠᠬᠤ ᠦᠵᠡᠯ ᠤᠬᠠᠮᠰᠠᠷ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠭᠠᠯ ᠪᠠᠶᠢᠪᠠᠯ ᠭᠠᠮᠰᠢᠭ ᠪᠣᠯᠬᠤ ᠥᠬᠡᠶ᠂ ᠭᠠᠮᠰᠢᠭ ᠪᠠᠶᠢᠪᠠᠯ ᠦᠬᠦᠵᠦ ᠰᠢᠷᠬᠠᠲᠤᠬᠤ ᠥᠬᠡᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃      ᠳᠥᠷᠪᠡ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ      ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢ ᠴᠢᠩᠭ᠎ᠠ ᠬᠠᠮᠢᠶᠠᠷᠬᠤ ᠬᠤᠭᠤᠴᠠᠭᠠᠨ ᠳᠤ᠂ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄      ︵ᠨᠢᠭᠡ︶ ᠴᠢᠩᠭ᠎ᠠ ᠵᠠᠬᠢᠷᠤᠨ ᠬᠠᠮᠢᠶᠠᠷᠬᠤ ᠤᠷᠤᠨ ᠬᠡᠪᠴᠢᠶᠠᠨ ᠳᠤ ᠲᠠᠮᠠᠬᠢ ᠲᠠᠳᠠᠬᠤ᠂ ᠬᠡᠭᠡᠷ᠎ᠡ ᠲᠠᠯᠳᠠᠯᠠᠬᠤ᠂ ᠴᠠᠭᠠᠰᠤ ᠰᠢᠳᠠᠭᠠᠬᠤ᠂ ᠬᠦᠵᠢ ᠠᠰᠠᠭᠠᠬᠤ᠂ ᠠᠳᠠᠷ ᠰᠢᠲᠠᠭᠠᠬᠤ᠂ ᠬᠤᠸᠠᠷ ᠫᠤᠤᠵᠢᠩ ᠲᠠᠯᠪᠢᠬᠤ᠂ ᠭᠠᠯ ᠲᠠᠯᠪᠢᠨ ᠳᠤᠯᠠᠭᠠᠯᠠᠬᠤ᠂ ᠬᠤᠭ ᠨᠤᠪᠰᠢ ᠰᠢᠳᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃      ︵ᠬᠤᠶᠠᠷ︶ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠦᠨᠡᠨ ᠬᠦ ᠣᠨᠴᠠᠭᠠᠶ ᠰᠢᠯᠲᠠᠭᠠᠨ ᠠᠴᠠ ᠪᠣᠯᠵᠣ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠵᠢᠴᠢ ᠲᠠᠷᠢᠶᠠᠯᠠᠩ ᠤᠨ ᠶᠠᠪᠤᠳᠠᠯ ᠳᠤ ᠭᠠᠯ ᠬᠡᠷᠡᠭᠯᠡᠬᠦ ᠴᠢᠬᠤᠯᠠᠲᠠᠶ ᠪᠠᠶᠢᠪᠠᠯ᠂ ᠡᠷᠬᠡᠪᠰᠢ ᠡᠯ᠎ᠡ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠬᠡᠷᠡᠭᠲᠡᠶ᠂ ᠲᠣᠭᠲᠠᠭᠰᠠᠨ ᠴᠠᠭ᠂ ᠭᠠᠵᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠤᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃      ︵ᠭᠤᠷᠪᠠ︶ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠪᠠᠶᠢᠴᠠᠭᠠᠬᠤ ᠠᠵᠢᠯ ᠤᠨ ᠪᠠᠶᠢᠷᠢ ᠵᠡᠷᠭᠡ ᠶᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠬᠤ ᠬᠡᠷᠡᠭᠲᠡᠶ᠃ ᠭᠠᠯ ᠤᠨ ᠲᠥᠷᠥᠯ ᠪᠤᠶᠤ ᠨᠣᠴᠣᠮᠠᠲᠠᠭᠠᠶ ᠲᠡᠰᠦᠷᠡᠮᠡᠲᠡᠭᠡᠶ ᠪᠣᠳᠠᠰ ᠠᠪᠴᠤ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠶᠢ ᠴᠢᠩᠭ᠎ᠠ ᠴᠠᠭᠠᠵᠠᠯᠠᠵᠤ᠂ ᠰᠢᠭᠤᠶᠢᠲᠤ ᠣᠷᠣᠨ ᠪᠠ ᠨᠤᠲᠤᠭ ᠪᠡᠯᠴᠢᠭᠡᠷ ᠲᠤ ᠣᠷᠣᠬᠤ ᠲᠡᠷᠭᠡ ᠬᠥᠰᠬᠡ ᠵᠢᠴᠢ ᠬᠥᠮᠦᠰ ᠪᠦᠬᠦᠨ ᠣᠶ ᠰᠢᠭᠤᠶ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠶᠢᠨ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠶᠢᠨ ᠬᠠᠮᠲᠤ ︽ᠭᠠᠯ ᠰᠡᠷᠭᠡᠶᠢᠯᠡᠬᠦ ᠺᠣᠳ᠋︾ ᠢ ᠰᠢᠷᠪᠢᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠵᠢᠯᠣᠭᠤᠴᠢ ᠪᠣᠯ ᠭᠠᠯ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠠᠶᠢᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ ᠶᠢᠨ ᠰᠠᠭᠠᠳ ᠪᠤᠶᠤ ᠵᠢᠯᠣᠭᠤᠴᠢ ᠠᠶᠠᠨᠴᠢᠳ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠪᠠᠶᠢᠪᠠᠯ᠂ ᠲᠡᠷᠭᠡ ᠬᠥᠰᠬᠡ ᠶᠢᠨ ᠵᠢᠯᠣᠭᠤᠴᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠡᠭᠡᠷᠡᠬᠢ ᠲᠣᠭᠲᠠᠭᠠᠯ ᠢ ᠵᠥᠷᠢᠴᠡᠭᠰᠡᠨ ᠨᠢᠭᠡᠴᠢ ᠪᠠ ᠬᠤᠪᠢ ᠬᠥᠮᠦᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠢ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠬᠡᠨ ᠲᠣᠷᠭᠠᠨ᠎ᠠ᠃      ᠲᠠᠪᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠶᠢ ᠴᠢᠩᠭᠠᠳᠬᠠᠬᠤ ᠬᠡᠷᠡᠭᠲᠡᠢ      ᠡᠯ᠎ᠡ ᠲᠣᠭᠤᠷᠢᠭ᠂ ᠪᠠᠷᠠᠭᠤᠨ ᠣᠷᠳᠣᠰ ᠲᠠᠬᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ᠂ ᠯᠦᠩ ᠶᠢᠦ ᠸᠠᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠭᠠᠵᠠᠷ ᠳᠡᠭᠡᠷᠡᠬᠢ ᠴᠠᠭᠳᠠᠨ ᠪᠠᠶᠢᠴᠠᠭᠠᠬᠤ᠂ ᠰᠤᠪᠤᠷᠭ᠎ᠠ ᠶᠢᠨ ᠬᠠᠷᠠᠭᠤᠯ ᠤᠨ ᠪᠠᠷᠠᠭ᠎ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠤᠲᠠᠰᠤ ᠪᠠᠷ ᠲᠦᠭᠰᠢᠭᠦᠷᠢ ᠭᠥᠯᠢᠶᠡᠨ ᠠᠪᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠪᠥᠬᠦ ᠡᠳᠦᠷ ᠢᠶᠠᠷ ᠢᠶᠠᠨ ᠭᠠᠯ ᠲᠦᠢᠮᠡᠷ ᠤᠨ ᠪᠠᠶᠢᠳᠠᠯ ᠢ ᠬᠢᠨᠠᠨ ᠡᠵᠡᠮᠳᠡᠨ᠎ᠡ᠃ ᠰᠠᠯᠠᠭ᠎ᠠ ᠮᠥᠴᠢᠷ ᠤᠨ ᠭᠠᠯ ᠤᠨ ᠠᠶᠤᠯ ᠤᠨ ᠪᠠᠶᠢᠳᠠᠯ ᠢ ᠵᠥᠪᠳᠡᠯᠴᠡᠨ ᠰᠤᠳᠤᠯᠤᠨ ᠮᠠᠭᠠᠳᠯᠠᠬᠤ ᠪᠠ ᠬᠠᠮᠲᠤᠷᠠᠨ ᠠᠵᠢᠯᠯᠠᠵᠤ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠭᠠᠯ ᠤᠨ ᠪᠠᠶᠢᠳᠠᠯ ᠢ ᠮᠡᠳᠡᠭᠦᠯᠦᠨ ᠬᠦᠷᠭᠡᠬᠦ ᠵᠡᠷᠭᠡ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠦᠨ᠎ᠡ᠃      ᠵᠢᠷᠭᠤᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ      ᠴᠠᠭ ᠠᠭᠤᠷ ᠤᠨ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠢᠩᠭᠠᠳᠬᠠᠵᠤ᠂ ᠭᠠᠯ ᠤᠨ ᠠᠶᠤᠯ ᠤᠨ ᠲᠦᠭᠰᠢᠭᠦᠷᠢ ᠶᠡᠬᠡᠲᠡᠶ ᠴᠠᠭ ᠠᠭᠤᠷ ᠢ ᠴᠠᠭ ᠲᠤᠬᠠᠶ ᠳᠤᠨᠢ ᠡᠷᠭᠢᠯᠳᠦᠭᠦᠯᠦᠨ ᠨᠡᠶᠢᠲᠡᠯᠡᠵᠦ᠂ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ ᠡᠯ᠎ᠡ ᠲᠣᠭᠤᠷᠢᠭ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠮᠰᠢᠭ ᠤᠨ ᠠᠳᠡᠯ ᠤᠨ ᠮᠡᠳᠡᠭᠡ ᠵᠠᠩᠭᠢ ᠶᠢᠨ ᠮᠡᠳᠡᠭᠦᠯᠦᠯᠲᠡ ᠶᠢᠨ ᠵᠢᠷᠤᠮᠵᠢᠯ︾ ᠵᠢᠴᠢ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠭᠠᠯ ᠲᠠᠢ ᠪᠣᠯ ᠵᠠᠪᠠᠯ ᠮᠡᠳᠡᠭᠦᠯᠬᠦ᠂ ᠮᠡᠳᠡᠭᠦᠯᠬᠦ ᠶᠢ ᠵᠡᠷᠭᠡᠪᠡᠷ ᠶᠠᠪᠤᠭᠳᠠᠭᠤᠯᠬᠤ︾ ᠪᠠ ᠭᠤᠣᠯᠳᠠᠯᠭ᠎ᠠ ᠲᠠᠢ ᠴᠠᠭ ᠬᠤᠭᠤᠴᠠᠭᠠᠨ ᠤ ︽ᠡᠳᠦᠷ ᠤᠨ ᠮᠡᠳᠡᠭᠦᠯᠦᠯᠲᠡ︾᠂ ︽ᠥᠴᠦᠬᠡᠨ ᠴᠦ ᠮᠡᠳᠡᠭᠦᠯᠬᠦ ᠦᠭᠡᠢ︾ ᠪᠠᠶᠢᠬᠤ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠨᠠᠰᠤᠲᠠᠶᠢᠴᠤᠳ᠂ ᠨᠠᠰᠤᠨ ᠳᠤ ᠦᠯᠦ ᠬᠦᠷᠦᠭᠰᠡᠳ᠂ ᠰᠤᠷᠤᠭᠴᠢᠳ ᠭᠠᠯ ᠤᠨᠲᠠᠷᠠᠭᠠᠬᠤ ᠳᠤ ᠣᠷᠣᠯᠴᠠᠬᠤ ᠶᠢ ᠴᠢᠩᠭ᠎ᠠ ᠴᠠᠭᠠᠵᠠᠯᠠᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠠᠳᠡᠯ ᠪᠣᠯᠤᠨ ᠡᠭᠦᠰᠦᠮᠡᠯ ᠭᠠᠮᠰᠢᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠤᠲᠠᠰᠤ᠄ 119 ᠪᠤᠶᠤ 12119᠃      ᠲᠤᠯᠤᠭ᠎ᠠ᠂ ᠬᠢᠨᠠᠨ ᠵᠢᠯᠤᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ      ᠡᠯ᠎ᠡ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠨᠢᠭᠡᠪᠦᠷᠢ ᠶᠢ ᠵᠠᠪᠠᠯ ᠪᠠᠶᠢᠴᠠᠭᠠᠵᠤ᠂ ᠬᠡᠷᠡᠭ ᠨᠢᠭᠡᠪᠦᠷᠢ ᠶᠢ ᠵᠠᠪᠠᠯ ᠨᠡᠬᠡᠮᠵᠢᠯᠡᠬᠦ ᠬᠡᠷᠡᠭᠲᠡᠶ᠃ ᠰᠠᠬᠢᠯᠭ᠎ᠠ ᠪᠠᠲᠤ ᠶᠢ ᠬᠡᠷᠡᠭᠵᠢᠭᠦᠯᠦᠨ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ ᠠᠴᠠ ᠪᠣᠯᠵᠣ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠠᠳᠡᠯ ᠭᠠᠷᠭᠠᠭᠰᠠᠨ ᠣᠷᠣᠨ ᠨᠤᠲᠤᠭ᠂ ᠨᠢᠭᠡᠴᠢ ᠪᠠ ᠬᠠᠷᠢᠭᠤᠴᠠᠯᠭᠠᠲᠠᠨ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃                                     2024 ᠣᠨ ᠤ 3 ᠰᠠᠷ᠎ᠠ ᠶᠢᠨ 22 ᠤᠨ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号