ᠬᠠᠶᠢᠨᠠᠨ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 28 ᠳ᠋ᠤᠭᠠᠷ ᠤᠳᠠᠭᠠᠨ ᠤ ᠡᠷᠬᠢᠯᠡᠭᠴᠢᠳ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
      7 ᠰᠠᠷ᠎ᠠ ᠶᠢᠨ 8 ᠤ ᠡᠳᠦᠷ᠂ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 28 ᠳ᠋ᠤᠭᠠᠷ ᠤᠳᠠᠭᠠᠨ ᠤ ᠡᠷᠬᠢᠯᠡᠭᠴᠢ ᠶᠢᠨ ᠬᠤᠷᠠᠯ ᠬᠤᠷᠠᠯᠳᠤᠭᠤᠯᠵᠤ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠶ ᠬᠤᠷᠠᠯ ᠢ ᠡᠷᠭᠢᠯᠡᠵᠦ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠤ ᠬᠤᠤ᠂ ᠵᠣᠣ ᠬᠠᠶ ᠪᠢᠨ᠂ ᠪᠠᠶᠠᠷ ᠬᠤᠷᠠᠯ ᠳᠤ ᠣᠷᠣᠯᠴᠠᠵᠠᠶ᠃      ᠬᠤᠷᠠᠯ ᠠᠴᠠ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠯ ᠤᠨᠲᠠᠷᠠᠭᠠᠬᠤ ᠲᠦᠷᠢᠮ︾ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︿ᠲᠤᠯᠤᠭᠠᠨ ᠶᠡᠭᠡ ᠶᠡᠷᠦᠩᠬᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ﹀ ᠶᠢ ᠪᠠᠶᠢᠴᠠᠭᠠᠬᠤ ᠲᠤᠬᠠᠶ ᠬᠢᠨᠠᠨ ᠵᠥᠪᠯᠡᠭᠰᠡᠨ ᠰᠠᠨᠠᠯ ᠪᠠ ᠠᠰᠠᠭᠤᠳᠠᠯ ᠤᠨ ᠨᠠᠷᠢᠨ ᠲᠠᠩᠰᠠ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠪᠠ ᠠᠰᠠᠭᠤᠳᠠᠯ ᠤᠨ ᠨᠠᠷᠢᠨ ᠲᠠᠩᠰᠠ᠂ ᠪᠥᠬᠦ ᠲᠤᠭᠤᠷᠢᠭ ᠤᠨ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠪᠠ ᠠᠰᠠᠭᠤᠳᠠᠯ ᠤᠨ ᠨᠠᠷᠢᠨ ᠲᠠᠩᠰᠠ᠂ ᠲᠠᠷᠢᠶᠠᠯᠠᠬᠤ ᠣᠷᠣᠨ ᠤ ᠠᠷᠢᠭᠤᠨ ᠴᠡᠪᠡᠷ ᠳᠤᠯᠠᠭᠠᠯᠠᠭ᠎ᠠ ᠶᠢᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠬᠢᠨᠠᠨ ᠵᠥᠪᠯᠡᠭᠰᠡᠨ ᠰᠠᠨᠠᠯ ᠪᠠ ᠠᠰᠠᠭᠤᠳᠠᠯ ᠤᠨ ᠨᠠᠷᠢᠨ ᠲᠠᠩᠰᠠ᠂ ᠲᠠᠷᠢᠶᠠᠯᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠩ ᠤᠨ ᠥᠷᠢ ᠰᠢᠷᠢ ᠶᠢᠨ ᠬᠢᠵᠠᠭᠠᠷ ᠲᠤᠭ᠎ᠠ ᠵᠢᠴᠢ ᠡᠩ ᠤᠨ ᠵᠢᠭᠡᠯᠡᠯᠭᠡ ᠶᠢᠨ ᠲᠡᠮᠳᠡᠭᠲᠦ ᠶᠢ ᠳᠣᠭᠢᠷᠠᠭᠤᠯᠤᠨ ᠬᠡᠷᠡᠭᠯᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢᠨ ᠲᠤᠬᠠᠶ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号