ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 109 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
      7 ᠰᠠᠷ᠎ᠠ ᠶᠢᠨ 29 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠦᠬᠤᠰᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 109 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ ᠶᠢ ᠲᠥᠪᠯᠡᠷᠡᠭᠦᠯᠦᠨ ᠰᠤᠷᠤᠯᠴᠠᠵᠤ᠂ ︽ᠦᠨᠡᠨ︾ ᠰᠡᠳᠬᠦᠯ ᠤᠨ 2024 ᠣᠨ ᠤ 13 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾᠂ 14 ᠳ᠋ᠤᠭᠡᠷ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾᠂ 14 ᠳ᠋ᠤᠭᠡᠷ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠵᠣᠬᠢᠶᠠᠯ ᠢ ᠲᠥᠪᠯᠡᠷᠡᠭᠦᠯᠦᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠪᠥᠭᠡᠳ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠪᠣᠯᠤᠨ᠎ᠠ᠃ ᠪᠦᠬᠦ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠵᠡᠯᠲᠡ ᠪᠠᠨ ᠰᠢᠨᠡᠳᠬᠡᠵᠦ᠂ ᠦᠵᠡᠯ ᠰᠠᠨᠠᠭ᠎ᠠ ᠪᠠᠨ ᠴᠢᠯᠥᠭᠡᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠰᠢᠯᠢᠳᠡᠭ ᠪᠣᠯᠬᠤ ᠪᠠᠷ ᠴᠢᠷᠮᠠᠶᠢᠵᠤ ᠠᠮᠵᠢᠯᠲᠠ ᠪᠦᠲᠦᠮᠵᠢ ᠤᠯᠬᠤ ᠪᠠᠷ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃      ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠤᠯ ᠴᠣᠭᠴᠠ ᠶᠢᠨ ᠬᠠᠷᠢᠭᠤᠴᠠᠯᠭᠠᠲᠤ ᠤᠬᠠᠮᠰᠠᠷ ᠢᠶᠠᠨ ᠭᠦᠨᠵᠡᠭᠡᠶᠢᠷᠡᠭᠦᠯᠵᠦ᠂ ᠪᠥᠬᠦ ᠪᠠᠯᠭᠠᠰᠤᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠰᠠᠨᠠᠭᠠᠴᠢᠯᠠᠭ᠎ᠠ ᠠᠴᠠ ᠪᠠᠨ ᠭᠤᠤᠯᠳᠠᠯᠭ᠎ᠠ ᠶᠢᠨ ᠶᠡᠭᠡ ᠲᠠᠯ᠎ᠠ ᠳᠤ ᠦᠶ᠋ᠯᠡᠴᠢᠯᠡᠵᠦ᠂ ︽ᠲᠦᠷᠢᠮ︾ ᠵᠡᠷᠭᠡ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠳᠡᠭᠡᠳᠦ ᠱᠠᠲᠤᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠮᠠᠨ ᠤ ᠪᠠᠯᠭᠠᠰᠤᠨ ᠤ ᠠᠮᠤᠷ ᠲᠣᠭᠲᠠᠭᠤᠨ ᠢ ᠦᠨᠡᠨ ᠬᠦ ᠬᠠᠮᠠᠭᠠᠯᠠᠵᠤ᠂ ᠣᠯᠠᠨ ᠲᠦᠮᠡᠨ ᠤ ᠠᠮᠤᠷ ᠲᠠᠶᠢᠪᠤᠩ ᠬᠠᠤᠯᠢᠵᠢᠯ ᠤᠨ ᠬᠡᠷᠡᠭᠴᠡᠭᠡ ᠶᠢ ᠴᠢᠷᠮᠠᠶᠢᠨ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠤᠢᠢᠷ᠎ᠠ ᠶᠢᠨ ᠬᠤᠭᠤᠴᠠᠭᠠᠨ ᠤ ᠠᠵᠢᠯ ᠤᠨ ᠰᠠᠨᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠬᠦᠬᠤᠰᠣ ᠪᠠᠯᠭᠠᠰᠤᠨ ᠤ ᠨᠠᠮ ᠤᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ᠂ ᠤᠳᠤᠷᠢᠳᠬᠤ ᠪᠠᠭ ᠤᠨ ᠪᠦᠷᠢᠯᠳᠦᠬᠦᠨ ᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠪᠣᠯᠤᠨ ᠨᠠᠮ ᠤᠨ ᠭᠡᠰᠢᠭᠦᠨ ᠺᠠᠳ᠋ᠷ ᠤᠨ ᠪᠣᠳᠠᠲᠠᠢ ᠬᠠᠷᠢᠭᠤᠴᠠᠯᠭ᠎ᠠ ᠶᠢ ᠦᠨᠡᠨᠬᠦ ᠰᠠᠶᠢᠲᠤᠷ ᠨᠠᠶᠢᠳᠠᠪᠤᠷᠢᠵᠢᠭᠤᠯᠵᠤ᠂ ᠬᠠᠷᠠᠯᠲᠠ᠂ ᠴᠢᠭᠯᠡᠯ᠂ ᠡᠭᠦᠷᠭᠡ ᠪᠣᠯᠤᠨ ᠠᠷᠭ᠎ᠠ ᠵᠠᠮ ᠢᠶᠠᠨ ᠴᠢᠨᠠᠭᠰᠢᠳᠠ ᠲᠣᠳᠣᠷᠬᠠᠶᠢᠯᠠᠵᠤ᠂ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号