ᠬᠠᠶᠢᠨᠠᠨ ᠲᠣᠭᠤᠷᠢᠭ ᠪᠣᠯᠤᠨ ᠴᠢᠩᠳᠣᠤ ᠶᠢᠨ ᠬᠠᠢ ᠵᠦᠸᠧ ᠬᠥᠳᠡᠯᠭᠡᠬᠦ ᠬᠦᠴᠦᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠦᠷᠦᠯ ᠵᠦᠢᠯ ᠤᠨ ᠭᠡᠷ᠎ᠡ ᠲᠣᠭᠲᠠᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
      7 ᠰᠠᠷ᠎ᠠ ᠶᠢᠨ 31 ᠤ ᠡᠳᠦᠷ᠂ ᠴᠢᠩᠳᠣᠤ ᠶᠢᠨ ᠬᠠᠢ ᠵᠦᠸᠧ ᠬᠥᠳᠡᠯᠭᠡᠭᠦ ᠬᠦᠴᠦᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠶᠧ ᠵᠢᠶᠠ ᠫᠢᠩ ᠨᠠᠷ ᠮᠠᠨ ᠤ ᠲᠣᠭᠤᠷᠢᠭ ᠲᠤ ᠰᠢᠨᠵᠢᠯᠡᠨ ᠪᠠᠶᠢᠴᠠᠭᠠᠵᠤ ᠬᠠᠷᠢᠭᠤ ᠰᠤᠷᠪᠤᠯᠵᠢᠯᠠᠬᠤ ᠶᠢᠨ ᠬᠠᠮᠲᠤ ᠤᠰᠤᠲᠥ᠋ᠷᠥᠭᠴᠢ ᠡᠨᠧᠷᠭᠢ ᠶᠢᠨ ᠳ᠋ᠢᠶᠠᠨ ᡂᠢ ᠶᠢᠨ ᠲᠦᠷᠦᠯ ᠵᠦᠢᠯ ᠢ ᠠᠬᠢᠭᠤᠯᠬᠤ ᠲᠤᠬᠠᠢ ᠶᠠᠷᠢᠯᠴᠠᠨ ᠰᠣᠯᠢᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠬᠤᠷᠠᠯ ᠢ ᠡᠷᠬᠢᠯᠡᠵᠦ᠂ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ ᠣᠷᠣᠯᠴᠠᠪᠠ᠃
1.jpg
      ᠶᠠᠷᠢᠯᠴᠠᠬᠤ ᠬᠤᠷᠠᠯ ᠳᠡᠭᠡᠷ᠎ᠡ᠂ ᠪᠠᠢ ᠴᠦᠨ ᠯᠸᠢ ᠬᠠᠶᠢᠨᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠡᠯᠧᠮᠧᠨ᠋ᠲ ᠤᠨ ᠪᠠᠲᠤᠯᠠᠭ᠎ᠠ ᠵᠢᠴᠢ ᠤᠳᠤ ᠶᠢᠨ ᠠᠵᠤ ᠦᠢᠯᠡᠰ ᠤᠨ ᠬᠡᠯᠬᠢᠶ᠎ᠡ ᠶᠢ ᠲᠠᠨᠢᠯᠴᠠᠭᠤᠯᠵᠤ᠂ ᠴᠢᠩᠳᠣᠤ ᠶᠢᠨ ᠬᠠᠢ ᠵᠦᠸᠧ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠣᠯᠤᠨ ᠲᠦᠷᠦᠯ ᠵᠦᠢᠯ ᠤᠨ ᠲᠥᠯᠥᠪᠵᠢᠭᠦᠯᠭᠡ ᠶᠢᠨ ᠲᠤᠬᠠᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠲᠤᠭᠲᠠᠵᠤ᠂ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠤᠰᠤᠲᠥ᠋ᠷᠥᠭᠴᠢ ᠡᠨᠧᠷᠭᠢ ᠵᠢᠴᠢ ᠰᠢᠲᠠᠭᠠᠯᠭ᠎ᠠ ᠶᠢᠨ ᠳ᠋ᠢᠶᠠᠨ ᡂᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ᠃ ᠪᠠᠢ ᠴᠦᠨ ᠯᠸᠢ᠂ ᠬᠠᠶᠢᠨᠠᠨ ᠲᠣᠭᠤᠷᠢᠭ ᠤᠨ ᠬᠢᠨ ᠶᠠᠭ ᠰᠢᠨ᠎ᠡ ᠴᠠᠭ ᠦᠶ᠎ᠡ ᠶᠢᠨ ᠴᠡᠪᠡᠷ ᠡᠨᠧᠷᠭᠢ ᠶᠢᠨ ᠰᠢᠨ᠎ᠡ ᠠᠵᠠ ᠲᠣᠬᠢᠶᠠᠯ ᠢ ᠠᠮᠵᠢᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠪᠠᠶᠢᠨ᠎ᠠ᠃ ᠲᠣᠰ ᠤᠳᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠨ᠂ ᠲᠣᠰ ᠲᠣᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠤᠰᠤᠲᠥ᠋ᠷᠥᠭᠴᠢ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠭᠦᠨᠵᠡᠭᠡᠶ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ ᠭᠡᠵᠡᠶ᠃ ᠡᠭᠦᠨ ᠤ ᠬᠠᠮᠲᠤ᠂ ᠬᠠᠶᠢᠨᠠᠨ ᠲᠣᠭᠤᠷᠢᠭ ᠤᠨ ᠬᠢᠨ ᠰᠢᠨ᠎ᠡ ᠲᠦᠷᠦᠯ ᠵᠦᠢᠯ᠂ ᠰᠢᠨ᠎ᠡ ᠲᠠᠪᠴᠠᠩ ᠤᠨ ᠶᠡᠷᠦᠩᠬᠡᠶᠢᠯᠡᠭᠰᠡᠨ ᠳᠠᠪᠠᠭᠤᠯᠢᠭ ᠢᠶᠠᠨ ᠪᠠᠳᠠᠷᠠᠭᠤᠯᠵᠤ᠂ ︽ᠵᠠᠰᠠᠭ ᠤᠨ ᠣᠷᠳᠣᠨ᠂ ᠪᠦᠲᠦᠮᠵᠢᠲᠡᠢ ᠵᠠᠬ᠎ᠠ ᠳᠡᠯᠭᠡᠭᠦᠷ︾ ᠢᠶᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠬᠠᠮᠤᠭ ᠤᠨ ᠰᠠᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠦᠷᠳᠡᠭ ᠢ ᠬᠠᠮᠲᠤᠪᠠᠷ ᠡᠭᠦᠳᠴᠦ ᠬᠠᠮᠲᠤᠪᠠᠷ ᠡᠳ᠋ᠯᠡᠬᠦ᠂ ᠤᠯᠠᠨ ᠲᠠᠯ᠎ᠠ ᠶᠢᠨ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠰᠢᠭᠤᠷ ᠲᠥᠭᠦᠷᠢᠭ ᠪᠠᠶᠢᠵᠤ᠂ ᠦᠬᠠᠶ ᠳᠤ ᠤᠰᠤᠲᠥ᠋ᠷᠥᠭᠴᠢ ᠶᠢᠨ ᠲᠦᠯᠡᠰᠢᠨ ᠳ᠋ᠢᠶᠠᠨ ᡂᠢ ᠶᠢᠨ ᠣᠶᠤᠨᠴᠢ ᠦᠢᠯᠡᠳᠬᠦ ᠠᠵᠤ ᠦᠢᠯᠡᠰ ᠤᠨ ᠱᠤᠭᠤᠮ ᠤᠨ ᠲᠥᠷᠥᠯ ᠵᠦᠢᠯ ᠢ ᠨᠠᠶᠢᠳᠠᠪᠤᠷᠢᠵᠢᠭᠤᠯᠵᠤ᠂ 50kW ᠠᠴᠠ 270kW ᠬᠦᠷᠲᠡᠯᠡᠬᠢ ᠥᠷᠭᠡᠨ ᠬᠡᠪᠴᠢᠶᠡᠨ ᠤ ᠲᠦᠯᠡᠰᠢᠨ ᠳ᠋ᠢᠶᠠᠨ ᡂᠢ ᠶᠢᠨ ᠰᠢᠰᠲ᠋ᠧᠮ ᠤᠨ ᠪᠥᠭᠡᠮ ᠢᠶᠠᠷ ᠦᠢᠯᠡᠳᠪᠦᠷᠢᠯᠡᠬᠦ ᠵᠢᠴᠢ ᠳᠣᠷᠣᠭᠰᠢ ᠪᠠᠭᠤᠵᠤ ᠲᠤᠷᠰᠢᠬᠤ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠵᠦᠢᠯ ᠤᠨ ᠲᠠᠯᠠᠪᠠᠶ ᠶᠢᠨ ᠠᠳᠠᠯᠢ ᠪᠤᠰᠤ ᠴᠢᠳᠠᠪᠬᠢᠲᠤ ᠬᠡᠰᠡᠭ ᠤᠨ ᠲᠦᠯᠡᠰᠢᠨ ᠳ᠋ᠢᠶᠠᠨ ᡂᠢ ᠶᠢᠨ ᠰᠢᠰᠲ᠋ᠧᠮ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠤᠰᠤᠲᠥ᠋ᠷᠥᠭᠴᠢ ᠶᠢᠨ ᠡᠨᠧᠷᠭᠢ ᠶᠢᠨ ᠬᠥᠲᠥᠴᠢ ᠠᠵᠤ ᠠᠬᠤᠶᠢᠯᠠᠯ ᠤᠨ ᠦᠢᠯᠡᠴᠢᠯᠡᠭᠡ ᠪᠠᠷ ᠬᠠᠶᠢᠨᠠᠨ ᠲᠣᠭᠤᠷᠢᠭ ᠤᠨ ︽ᠬᠤᠣᠰ ᠨᠡᠭᠦᠷᠡᠰᠦᠲᠥ᠋ᠷᠥᠭᠴᠢ︾ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠲᠥᠯᠥᠪᠯᠡᠵᠦ ᠪᠣᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号