ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠬᠤᠷᠠᠯ 2024 ᠣᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/1
      7 ᠰᠠᠷ᠎ᠠ ᠶᠢᠨ 30 ᠤ ᠡᠳᠦᠷ᠂ ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ 2024 ᠣᠨ ᠤ ᠬᠤᠷᠠᠯ ᠬᠤᠷᠠᠯᠳᠤᠪᠠ᠃ ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠭᠦᠸᠧ ᠴᠧᠨ ᠭᠤᠸᠠᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠶᠠᠷ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠵᠧᠨ ᠮᠢᠨ᠂ ᠰᠤᠳᠤᠯᠭᠠᠨ ᠤ ᠨᠡᠶᠢᠭᠡᠮᠯᠢᠭ ᠤᠨ ᠨᠢᠭᠡᠴᠡ ᠶᠢᠨ ᠬᠡᠷᠡᠭ ᠡᠷᠬᠢᠯᠡᠭᠴᠢ᠂ ᠬᠤᠪᠢ ᠬᠥᠮᠦᠨ ᠤ ᠬᠡᠷᠡᠭ ᠡᠷᠬᠢᠯᠡᠭᠴᠢ᠂ ᠬᠡᠰᠡᠭ 2023 ᠣᠨ ᠤ ᠰᠡᠳᠦᠪ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠨᠥᠬᠦᠳ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠤ ᠣᠷᠣᠯᠴᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠲᠦᠷᠢᠮ ᠢ ᠪᠦᠷᠢᠨᠰᠢᠬᠦᠯᠬᠦ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠲᠣᠭᠲᠠᠭᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠪᠠ︔ ︽ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠨᠢᠭᠡᠴᠢ ᠶᠢᠨ ᠬᠡᠷᠡᠭ ᠡᠷᠬᠢᠯᠡᠭᠴᠢ ᠪᠠ ᠬᠤᠪᠢ ᠬᠥᠮᠦᠨ ᠤ ᠬᠡᠷᠡᠭ ᠡᠷᠬᠢᠯᠡᠭᠴᠢ ᠶᠢᠨ ᠲᠤᠬᠢᠷᠠᠭᠤᠯᠤᠯᠳᠠ ᠬᠢᠭᠰᠡᠨ ᠤ ᠳᠠᠷᠠᠭᠠᠬᠢ ᠨᠡᠷᠡᠰ ︵ᠲᠥᠰᠦᠯ︶︾᠂ ︽ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠬᠤᠷᠠᠯ ᠤᠨ ᠪᠦᠷᠢᠯᠳᠦᠬᠦᠨ ᠬᠤᠷᠠᠯ ᠳᠤ ᠲᠤᠬᠢᠷᠠᠭᠤᠯᠤᠯᠳᠠ ᠬᠢᠭᠰᠡᠨ ᠤ ᠳᠠᠷᠠᠭᠠᠬᠢ ᠨᠡᠷᠡᠰ ︵ᠲᠥᠰᠦᠯ︶︾ ᠢ ᠪᠠᠲᠤᠯᠠᠪᠠ︔ ︽ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠳᠤᠯᠭᠠᠨ ᠤ ᠨᠡᠶᠢᠭᠡᠮᠯᠢᠭ ᠤᠨ 2024 ᠣᠨ ᠤ ᠰᠡᠳᠦᠪ ᠢ ᠰᠤᠳᠤᠯᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ ᠰᠤᠳᠤᠯᠭᠠᠨ ᠤ ᠨᠡᠶᠢᠭᠡᠮᠯᠢᠭ ᠤᠨ 2024 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠡᠳᠦᠪ ᠤᠨ ᠰᠤᠳᠤᠯᠭᠠᠨ ᠢ ᠰᠠᠶᠢᠲᠤᠷ ᠬᠢᠬᠦ ᠪᠣᠯ ᠰᠤᠳᠤᠯᠭᠠᠨ ᠤ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠬᠤ ᠬᠦᠴᠦᠲᠡᠢ ᠭᠠᠷᠳᠠᠴᠠ ᠮᠥᠨ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠠᠰᠠ ᠴᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠᠶᠢᠭᠤᠯᠤᠭᠳᠠᠭᠰᠠᠨ 70 ᠵᠢᠯ ᠤᠨ ᠤᠢ ᠮᠥᠨ᠂ ᠡᠨᠡ ᠵᠢᠯ ᠤᠨ ᠰᠤᠳᠤᠯᠭᠠᠨ ᠤ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭ᠎ᠠ ᠬᠦᠨᠳᠦ ᠶᠡᠭᠡ ᠠᠴᠢ ᠬᠤᠯᠪᠣᠭᠳᠠᠯ ᠴᠢᠬᠤᠯᠠ ᠶᠤᠮ᠃ ᠰᠤᠳᠤᠯᠭᠠᠨ ᠤ ᠨᠡᠶᠢᠭᠡᠮᠯᠢᠭ ᠤᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ 2024 ᠣᠨ ᠤ ᠰᠡᠳᠦᠪ ᠢ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠠᠢ ᠤᠶᠠᠯᠳᠤᠭᠤᠯᠵᠤ᠂ ᠨᠠᠷᠢᠨ ᠨᠢᠮᠪᠠᠢ ᠲᠥᠰᠦᠪᠯᠡᠵᠦ᠂ ᠰᠡᠳᠬᠢᠯ ᠲᠠᠯᠪᠢᠨ ᠵᠣᠬᠢᠶᠠᠨ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠬᠤ᠂ ᠰᠠᠶᠢᠲᠤᠷ ᠲᠡᠭᠦᠯᠳᠡᠷᠵᠢᠭᠦᠯᠬᠦ᠂ ᠰᠠᠶᠢᠲᠤᠷ ᠠᠵᠢᠯᠯᠠᠭᠤᠯᠬᠤ ᠲᠤᠬᠠᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠴᠢᠬᠤᠯᠠ ᠶᠡᠭᠡ ᠦᠷ᠎ᠡ ᠪᠦᠲᠦᠭᠡᠯ᠂ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠠᠭᠤᠳᠠᠯᠵᠤ᠂ ᠨᠢᠭᠡ ᠪᠦᠯᠦᠭ ᠴᠢᠨᠠᠷ ᠰᠠᠶᠢᠲᠠᠢ᠂ ᠦᠨ᠎ᠡ ᠦᠷᠳᠡᠭ ᠲᠠᠢ ᠰᠡᠳᠦᠪ ᠤᠨ ᠰᠤᠳᠤᠯᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠵᠦ᠂ ᠰᠤᠳᠤᠯᠭᠠᠨ ᠤ ᠨᠡᠶᠢᠭᠡᠮᠯᠢᠭ ᠤᠨ ᠤᠶᠤᠨ ᠤ ᠬᠥᠮᠥᠷᠭᠡ ᠶᠢᠨ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠬᠠᠶᠢᠨᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠠᠰᠤᠷᠠᠯᠳᠡ ᠦᠭᠡᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠵᠢᠴᠢ ᠡᠯ᠎ᠡ ᠠᠵᠢᠯ ᠤᠨ ᠵᠥᠪᠯᠡᠯ ᠰᠤᠳᠤᠯᠭᠠᠨ ᠤ ᠨᠡᠶᠢᠭᠡᠮᠯᠢᠭ ᠤᠨ ᠡᠳᠦᠷ ᠲᠤᠳᠤᠮ ᠤᠨ ᠠᠵᠢᠯ ᠢ ᠶᠡᠬᠡᠪᠡᠷ ᠳᠡᠮᠵᠢᠵᠦ᠂ ᠢᠳᠡᠪᠬᠢᠲᠡᠢ ᠪᠠᠷ ᠦᠢᠯᠡᠴᠢᠯᠡᠭᠡ ᠬᠠᠩᠭᠠᠵᠤ᠂ ᠰᠠᠨᠠᠭᠠᠴᠢᠯᠠᠭ᠎ᠠ ᠠᠴᠠ ᠪᠠᠨ ᠨᠥᠬᠦᠴᠡᠯ ᠪᠦᠷᠢᠯᠳᠦᠭᠦᠯᠵᠦ ᠪᠠᠶᠢᠭᠠᠳ ᠰᠤᠳᠤᠯᠭᠠᠨ ᠤ ᠨᠡᠶᠢᠭᠡᠮᠯᠢᠭ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号