2024 ᠣᠨ ᠤ 7 ᠰᠠᠷ᠎ᠠ ᠶᠢᠨ 30 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/8/1
      ᠪᠠᠢ ᠴᠦᠨ ᠯᠸᠢ᠄  ᠥᠪᠡᠷᠲᠡᠭᠡᠨ  ᠵᠠᠰᠠᠬᠤ  ᠣᠷᠣᠨ  ᠤ  ᠬᠤᠯᠪᠣᠭᠳᠠᠯ  ᠪᠦᠬᠦᠢ  ᠸᠢᠳᠢᠣ᠋ ᠬᠤᠷᠠᠯ ᠳᠤ  ᠣᠷᠣᠯᠴᠠᠪᠠ᠃      ᠱᠢ ᠯᠢ ᠴᠢᠶᠠᠩ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠸᠢᠳᠢᠣ᠋ ᠬᠤᠷᠠᠯ ᠳᠤ ᠣᠷᠣᠯᠴᠠᠵᠤ᠂ ᠭᠠᠶᠢᠯᠢ ᠲᠠᠲᠠᠪᠤᠷᠢ ᠶᠢ ᠵᠣᠬᠢᠶᠠᠨ ᠪᠠᠶᠢᠭᠤᠯᠬᠤ ᠬᠤᠯᠪᠣᠭᠳᠠᠯ ᠪᠥᠬᠦᠶ ᠠᠬᠢᠭᠤᠯᠬᠤ ᠬᠤᠷᠠᠯ ᠬᠤᠷᠠᠯᠳᠤᠭᠤᠯᠵᠤ᠂  ᠱᠦᠵᠢ ᠶᠢᠨ ᠲᠤᠰᠬᠠᠶ ᠰᠡᠳᠦᠪᠲᠦ ᠬᠤᠷᠠᠯ ᠳᠤ ᠣᠷᠣᠯᠴᠠᠪᠠ᠃      ᠴᠧᠨ ᠬᠠᠶ ᠰᠢᠶᠤᠤ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠸᠢᠳᠢᠣ᠋ ᠬᠤᠷᠠᠯ ᠳᠤ ᠣᠷᠣᠯᠴᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠳᠤ ᠪᠠᠷ᠎ᠠ ᠪᠣᠯᠵᠣ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠥᠷᠨᠢᠭᠦᠯᠪᠡ᠃      ᠯᠢᠦ ᠵᠢᠶᠠᠨ ᠫᠢᠩ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠸᠢᠳᠢᠣ᠋ ᠬᠤᠷᠠᠯ ᠳᠤ ᠣᠷᠣᠯᠴᠠᠵᠤ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠳᠤ ᠣᠷᠣᠯᠴᠠᠪᠠ᠃      ᠸᠠᠩ ᠬᠤᠩ ᠼᠦᠨ᠄  ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠸᠢᠳᠢᠣ᠋ ᠬᠤᠷᠠᠯ ᠳᠤ ᠣᠷᠣᠯᠴᠠᠪᠠ᠃      ᠯᠢᠦ ᠲᠢᠶᠠᠨ ᠴᠢᠩ᠄  ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠸᠢᠳᠢᠣ᠋ ᠬᠤᠷᠠᠯ ᠳᠤ ᠣᠷᠣᠯᠴᠠᠵᠤ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠶᠢ ᠰᠢᠩᠭᠡᠭᠡᠨ ᠠᠪᠬᠤ ᠰᠠᠭᠤᠷᠢᠨ ᠤ ᠶᠡᠷᠦᠩᠬᠡᠢ ᠲᠥᠯᠥᠪᠵᠢᠭᠦᠯᠭᠡ︾ ᠵᠡᠷᠭᠡ ᠬᠤᠯᠪᠣᠭᠳᠠᠯ ᠪᠦᠬᠦᠢ ᠶᠠᠪᠤᠳᠠᠯ ᠢ ᠠᠬᠢᠭᠤᠯᠬᠤ ᠬᠤᠷᠠᠯ ᠳᠤ ᠣᠷᠣᠯᠴᠠᠪᠠ᠃      ᠸᠠᠩ ᠶᠦᠩ ᠱᠧᠩ᠄  ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠬᠠᠷᠢᠶᠠᠲᠤ ᠨᠠᠷ ᠤᠨ ᠶᠠᠪᠤᠳᠠᠯ ᠭᠠᠳᠠᠭᠠᠳᠤ ᠶᠠᠪᠤᠳᠠᠯ ᠤᠨ ᠵᠥᠪᠯᠡᠯ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠪᠠᠶᠠᠨᠲᠣᠬᠤᠢ ᠪᠠᠯᠭᠠᠰᠤᠨ ᠳᠤ ᠲᠤᠬᠠᠢ ᠶᠢᠨ ᠲᠠᠯᠠᠪᠤᠷ ᠲᠤ ᠬᠤᠳᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠪᠣᠯᠵᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠬᠤᠯᠪᠣᠭᠳᠠᠯ ᠪᠦᠬᠦᠢ ᠠᠰᠠᠭᠤᠳᠠᠯ ᠢ ᠰᠢᠢᠳᠪᠦᠷᠢᠯᠡᠪᠡ᠃      ᠵᠠᠩ ᠨᠢᠩ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠸᠢᠳᠢᠣ᠋ ᠬᠤᠷᠠᠯ ᠳᠤ ᠣᠷᠣᠯᠴᠠᠵᠤ᠂  ᠪᠦᠬᠦ  ᠲᠣᠭᠤᠷᠢᠭ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠰᠢᠮᠳᠠᠭᠤᠯᠤᠨ ᠪᠠᠶᠢᠴᠠᠭᠠᠬᠤ ᠠᠵᠢᠯ ᠤᠨ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃      ᠭᠤᠤ ᠵᠧᠨ ᠭᠠᠩ᠄ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠸᠢᠳᠢᠣ᠋ ᠬᠤᠷᠠᠯ ᠳᠤ ᠣᠷᠣᠯᠴᠠᠵᠤ᠂  BDO ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号