ᠪᠠᠶᠠᠨᠲᠤᠬᠤᠢ ᠪᠠᠯᠭᠠᠰᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ︵2021 - 2035︶ ᠪᠠᠯᠭᠠᠰᠤᠨ ᠤ ᠱᠠᠲᠤᠨ ᠤ ᠬᠢᠨᠠᠨ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/12
      ᠪᠠᠶᠠᠨᠲᠤᠬᠤᠢ ᠪᠠᠯᠭᠠᠰᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠡᠯ᠎ᠡ ᠵᠦᠢᠯ ᠤᠨ ᠡᠬᠢ ᠪᠠᠶᠠᠯᠢᠭ ᠤᠨ ᠡᠯᠧᠮᠧᠨ᠋ᠲ ᠢ ᠵᠣᠬᠢᠴᠠᠭᠤᠯᠬᠤ ᠶᠢᠨ ᠲᠥᠯᠥᠭᠡ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠢ ᠠᠰᠢᠭᠯᠠᠬᠤ ᠶᠢ ᠪᠠᠲᠤᠯᠠᠪᠠ᠃ 8 ᠰᠠᠷ᠎ᠠ ᠶᠢᠨ 9 ᠤ ᠡᠳᠦᠷ᠂ ᠪᠠᠶᠠᠨᠲᠤᠬᠤᠢ ᠪᠠᠯᠭᠠᠰᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ︵2021 - 2035︶ ᠪᠠᠯᠭᠠᠰᠤᠨ ᠤ ᠱᠠᠲᠤᠨ ᠤ ᠬᠢᠨᠠᠨ ᠵᠥᠪᠯᠡᠬᠦ ᠬᠤᠷᠠᠯ ᠬᠤᠷᠠᠯᠳᠤᠭᠤᠯᠪᠠ᠃ ᠪᠠᠶᠠᠨᠲᠣᠬᠤᠶ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠶᠠᠨᠲᠣᠬᠤᠶ ᠪᠠᠯᠭᠠᠰᠤᠨ ᠤ ᠤᠳᠤᠷᠢᠳᠬᠤ ᠪᠠᠭ᠂ ᠪᠠᠶᠠᠨᠲᠣᠬᠤᠶ ᠪᠠᠯᠭᠠᠰᠤᠨ ᠤ ᠬᠡᠰᠡᠭ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠤ᠂ ᠬᠤᠷᠠᠯ ᠠᠴᠠ ᠪᠠᠰᠠ ᠪᠠᠶᠢᠭᠠᠯᠢ ᠶᠢᠨ ᠡᠬᠢ ᠪᠠᠶᠠᠯᠢᠭ ᠤᠨ ᠬᠠᠶᠢᠨᠠᠨ ᠤ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠤᠷᠢᠵᠤ ᠣᠷᠣᠯᠴᠠᠭᠤᠯᠪᠠ᠃      ᠬᠤᠷᠠᠯ ᠳᠡᠭᠡᠷ᠎ᠡ ᠭᠤᠤᠯᠳᠠᠭᠤ ᠪᠠᠶᠠᠨᠲᠣᠬᠤᠶ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠣᠳᠣᠬᠢ ᠪᠠᠶᠢᠳᠠᠯ ᠢ ᠵᠠᠳᠠᠯᠬᠤ ᠪᠠ ᠠᠰᠠᠭᠤᠳᠠᠯ ᠢ ᠢᠯᠭᠠᠨ ᠲᠠᠨᠢᠬᠤ᠂ ᠬᠥᠭᠵᠢᠯᠲᠡ ᠶᠢᠨ ᠬᠠᠷᠠᠯᠲᠠ ᠪᠠ ᠠᠷᠭ᠎ᠠ ᠪᠣᠳᠣᠯᠭ᠎ᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠪᠠᠶᠢᠷᠢᠰᠢᠯ᠂ ᠪᠠᠶᠢᠭᠠᠯᠢ ᠶᠢᠨ ᠡᠬᠢ ᠪᠠᠶᠠᠯᠢᠭ ᠤᠨ ᠡᠯᠧᠮᠧᠨ᠋ᠲ ᠢ ᠬᠠᠮᠠᠭᠠᠯᠠᠬᠤ ᠪᠠ ᠠᠰᠢᠭᠯᠠᠬᠤ᠂ ᠪᠠᠯᠭᠠᠰᠤ ᠲᠣᠰᠬᠤᠨ ᠤ ᠪᠠᠶᠢᠷᠢᠯᠠᠭᠤᠯᠤᠯᠲᠠ ᠪᠠ ᠠᠵᠤ ᠦᠶ᠋ᠯᠡᠰ᠂ ᠶᠡᠷᠦᠩᠬᠡᠶᠢᠯᠡᠭᠰᠡᠨ ᠲᠤᠯᠭᠠᠭᠤᠷᠢᠯᠠᠬᠤ ᠰᠢᠰᠲ᠋ᠧᠮ᠂ ᠪᠠᠯᠭᠠᠰᠤᠨ ᠤ ᠲᠣᠭᠤᠷᠢᠭ ᠤᠨ ᠲᠥᠯᠥᠪᠵᠢᠭᠦᠯᠭᠡ᠂ ᠤᠯᠤᠰ ᠤᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠠᠮᠢ ᠠᠬᠤᠶ ᠶᠢ ᠰᠡᠷᠭᠦᠭᠡᠬᠦ᠂ ᠤᠯᠠᠮᠵᠢᠯᠠᠨ ᠬᠠᠮᠢᠶᠠᠷᠤᠨ ᠡᠵᠡᠮᠳᠡᠬᠦ ᠪᠠ ᠣᠶᠢᠷ᠎ᠠ ᠶᠢᠨ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠵᠡᠷᠭᠡ 9 ᠠᠭᠤᠯᠭ᠎ᠠ ᠶᠢ ᠰᠤᠳᠤᠯᠤᠭᠰᠠᠨ ᠪᠥᠭᠡᠳ ᠪᠠᠯᠭᠠᠰᠤ ᠲᠣᠰᠬᠤᠨ ᠤ ᠪᠠᠶᠢᠷᠢᠯᠠᠭᠤᠯᠤᠯᠲᠠ ᠪᠠ ᠠᠵᠤ ᠦᠶ᠋ᠯᠡᠰ ᠵᠡᠷᠭᠡ ᠭᠤᠤᠯᠳᠠᠯᠭ᠎ᠠ ᠲᠠᠢ ᠠᠭᠤᠯᠭ᠎ᠠ ᠳᠤ ᠴᠢᠭᠯᠡᠭᠦᠯᠦᠨ ᠶᠠᠷᠢᠯᠴᠠᠪᠠ᠃      ᠬᠤᠷᠠᠯ ᠳᠡᠭᠡᠷ᠎ᠡ᠂ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠡᠷᠬᠢᠮ ᠨᠠᠨᠳᠢᠨ ᠰᠠᠨᠠᠯ ᠳᠤᠷᠠᠳᠪᠠ᠃ ᠲᠥᠯᠥᠭᠡᠯᠡᠭᠴᠢᠳ ᠤᠨ ᠦᠵᠡᠬᠦ ᠪᠠᠷ᠂ ᠪᠥᠬᠦ ᠪᠠᠯᠭᠠᠰᠤᠨ ᠤ ᠬᠠᠷᠢᠭᠤᠴᠠᠯᠭ᠎ᠠ ᠡᠷᠬᠡ ᠲᠣᠳᠣᠷᠬᠠᠶ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠨᠢ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠪᠠᠶᠠᠨᠲᠣᠬᠤᠶ ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠰᠢᠭᠲᠠᠶ ᠶᠤᠮ᠃      ᠲᠣᠰ ᠤᠳᠠᠭᠠᠨ ᠤ ᠬᠤᠷᠠᠯ ᠢᠶᠠᠷ ᠳᠡᠮᠵᠢᠨ᠂ ᠲᠣᠭᠤᠷᠢᠭ᠂ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠪᠠᠯᠭᠠᠰᠤᠨ ᠤ ᠤᠳᠤᠷᠢᠳᠬᠤ ᠪᠠᠭ᠂ ᠡᠯ᠎ᠡ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠣᠯᠠᠨ ᠲᠦᠮᠡᠨ ᠤ ᠲᠥᠯᠥᠭᠡᠯᠡᠭᠴᠢ ᠪᠠᠶᠠᠨᠲᠣᠬᠤᠶ ᠪᠠᠯᠭᠠᠰᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠪᠠᠶᠠᠨᠲᠣᠬᠤᠶ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ ᠳᠤ ᠰᠠᠭᠤᠷᠢ ᠲᠠᠯᠪᠢᠵᠤ ᠥᠭᠴᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号