ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/12
      8 ᠰᠠᠷ᠎ᠠ ᠶᠢᠨ 9 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠦᠬᠠᠶ ᠬᠤᠲᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠤᠨ ᠶᠠᠪᠤᠴᠠ ᠳᠠᠬᠢ ᠭᠤᠣᠯᠳᠠᠯᠭ᠎ᠠ᠂ ᠬᠦᠴᠢᠷᠳᠡᠯ᠂ ᠲᠦᠭᠵᠢᠷᠡᠯ ᠢ ᠰᠠᠶᠢᠲᠤᠷ ᠰᠢᠢᠳᠪᠦᠷᠢᠯᠡᠬᠦ ᠶᠢ ᠴᠢᠩᠭ᠎ᠠ ᠠᠩᠬᠠᠷᠴᠤ᠂ ᠪᠣᠭᠤᠮᠲᠠ ᠰᠢᠪᠲᠤᠯᠵᠤ ᠬᠠᠷᠰᠢ ᠰᠠᠭᠠᠳ ᠢ ᠠᠷᠢᠯᠭᠠᠬᠤ ᠠᠵᠢᠯᠯᠠᠭ᠎ᠠ ᠶᠢ ᠲᠥᠯᠥᠪᠵᠢᠭᠦᠯᠦᠨ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠨᠠᠷᠢᠨ ᠲᠠᠩᠰᠠ ᠳᠠᠬᠢ ᠬᠠᠷᠠᠯᠲᠠ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠵᠤ᠂ ᠭᠤᠣᠯ ᠱᠤᠭᠤᠮ ᠤᠨ ᠲᠣᠭᠤᠷᠢᠨ ᠳᠤ᠂ ᠥᠴᠦᠬᠡᠨ ᠴᠦ ᠭᠤᠶᠢᠪᠢᠰᠢ ᠦᠭᠡᠢ ᠠᠵᠤ ᠠᠬᠤᠢ ᠶᠢᠨ ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠨᠠᠮ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠠᠪᠤᠨ ᠶᠡᠭᠡ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠣᠨ ᠤ ᠬᠠᠷᠠᠯᠲᠠ ᠡᠭᠦᠷᠭᠡ ᠪᠠᠨ ᠡᠷᠡᠰ ᠭᠤᠶᠢᠪᠢᠰᠢ ᠦᠭᠡᠢ ᠪᠡᠶᠡᠯᠡᠭᠦᠯᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠬᠡᠷᠡᠭᠯᠡᠭᠡ ᠶᠢ ᠥᠷᠭᠡᠳᠬᠡᠬᠦ᠂ ᠥᠷᠢ ᠥᠭᠴᠡᠭᠡ ᠶᠢ ᠠᠷᠢᠯᠭᠠᠬᠤ ᠵᠡᠷᠭᠡ ᠲᠠᠯ᠎ᠠ ᠪᠠᠷ ᠨᠡᠩ ᠤᠯᠠᠨ ᠰᠢᠪᠲᠤᠯᠤᠯᠲᠠ ᠪᠠ ᠠᠬᠢᠴᠠ ᠲᠠᠢ ᠪᠣᠯᠬᠤ ᠶᠢ ᠠᠬᠢᠭᠤᠯᠵᠤ᠂ ᠴᠠᠭ ᠲᠤᠬᠠᠢ ᠳᠤᠨᠢ ᠳᠡᠭᠡᠳᠦ ᠱᠠᠲᠤᠨ ᠳᠤ ᠰᠠᠶᠢᠨ ᠲᠠᠩᠰᠠ ᠮᠡᠳᠡᠭᠦᠯᠵᠦ᠂ ᠰᠠᠶᠢᠨ ᠡᠪᠬᠡᠮᠡᠯ ᠲᠤᠰᠢᠶᠠᠬᠤ ᠬᠡᠷᠡᠭᠲᠡᠢ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭ᠎ᠠ ᠠᠳᠬᠤᠵᠤ᠂ ᠬᠠᠳᠠᠨ ᠵᠣᠷᠢᠭ᠂ ᠭᠠᠪᠰᠢᠭᠠᠶᠢᠯᠠᠬᠤ ᠵᠣᠷᠢᠭ᠂ ᠡᠷᠴᠢ ᠵᠣᠷᠢᠭ᠂ ᠬᠠᠲᠠᠭᠤ ᠵᠣᠷᠢᠭ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠡᠭᠦᠷᠭᠡ ᠪᠠᠨ ︽ᠴᠠᠭᠠᠰᠤᠨ ᠳᠡᠭᠡᠷ᠎ᠡ︾ ᠠᠴᠠ ︽ᠭᠠᠵᠠᠷ︾ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭᠠᠨ ᠤ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠲᠣᠭᠲᠠᠭᠰᠠᠨ ᠬᠠᠷᠠᠯᠲᠠ ᠱᠠᠭᠠᠷᠳᠠᠯᠭ᠎ᠠ ᠶᠣᠰᠣᠭᠠᠷ ᠨᠢᠭᠡ ᠨᠢᠭᠡ ᠪᠠᠷ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠰᠠᠭᠤᠳᠠᠯ ᠢ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠭᠤᠭᠴᠤᠭ᠎ᠠ ᠶᠢ ᠳᠤᠪᠤᠶᠢᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠠᠵᠢᠯ ᠲᠦᠷᠦᠯ ᠵᠡᠷᠭᠡ ᠡᠯ᠎ᠡ ᠲᠦᠷᠦᠯ ᠤᠨ ᠪᠣᠬᠢᠷᠲᠤᠯ ᠤᠨ ᠡᠬᠢ ᠶᠢ ᠨᠠᠷᠢᠨ ᠬᠢᠨᠠᠮᠠᠭᠠᠢ ᠪᠦᠬᠦ ᠲᠠᠯ᠎ᠠ ᠪᠠᠷ᠂ ᠨᠡᠶᠢᠳᠡᠮ ᠵᠢᠭᠰᠠᠭᠠᠨ ᠪᠠᠶᠢᠴᠠᠭᠠᠵᠤ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ᠂ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠶᠡᠬᠡᠪᠡᠷ ᠰᠢᠢᠳᠪᠦᠷᠢᠯᠡᠬᠦ ᠬᠡᠷᠡᠭᠲᠡᠢ᠃ ᠥᠨᠳᠥᠷ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠷᠢᠶ᠎ᠠ ᠭᠠᠵᠠᠷ ᠪᠣᠯᠤᠨ ᠠᠵᠢᠯ ᠲᠦᠷᠦᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠳᠤᠪᠤᠶᠢᠮ᠎ᠠ ᠠᠰᠠᠭᠤᠳᠠᠯ ᠢ ᠣᠨᠢᠯᠠᠵᠤ᠂ ᠴᠢᠩᠭ᠎ᠠ ᠬᠢᠨᠠᠨ ᠵᠢᠯᠣᠭᠤᠳᠴᠤ ᠪᠠᠶᠢᠴᠠᠭᠠᠵᠤ᠂ ᠦᠷ᠎ᠡ ᠪᠦᠲᠦᠮᠵᠢ ᠶᠢ ᠮᠥᠷᠳᠡᠨ ᠠᠰᠠᠭᠤᠵᠤ᠂ ᠬᠠᠷᠢᠯᠴᠠᠨ ᠲᠦᠯᠬᠢᠯᠴᠡᠬᠦ ᠠᠰᠠᠭᠤᠳᠠᠯ ᠢ ᠡᠷᠡᠰ ᠬᠤᠷᠢᠭᠯᠠᠵᠤ᠂ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号