ᠢᠦᠶ ᡁᠢ ᠶᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠭᠤᠤᠯ ᠴᠠᠭᠳᠠᠪᠠ
ᠨᠡᠶᠢᠲᠡᠯᠡᠭᠰᠡᠨ ᠴᠠᠭ᠄
2024/8/13
      8 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ ᠣᠷᠣᠯᠴᠠᠪᠠ᠃      ᠪᠠᠶᠠᠨᠲᠤᠬᠤᠢ ᠪᠠᠯᠭᠠᠰᠤᠨ ᠤ ᠶᠠᠩ ᠯᠦ ᠵᠢᠩ ᠲᠣᠰᠬᠤᠨ᠂ ᠰᠧ ᠰᠢᠨ ᠲᠣᠰᠬᠤᠨ᠂ ᠸᠠᠨ ᠮᠦ ᠲᠠᠨ ᠲᠣᠰᠬᠤᠨ ᠵᠡᠷᠭᠡ ᠭᠠᠵᠠᠷ ᠲᠤ᠂ ᠢᠦᠢ ᡁᠢ ᠶᠦᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠠᠮᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠠᠬᠢᠴᠠ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯ ᠤᠨ ᠬᠦᠴᠢᠷᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠦᠨᠡᠨ ᠬᠦ ᠴᠢᠨᠠᠷ ᠰᠠᠶᠢᠲᠠᠶ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠶ ᠭᠡᠵᠦ ᠬᠡᠯᠡᠪᠡ᠃ ᠪᠠᠷᠢᠯᠭ᠎ᠠ ᠪᠠᠷᠢᠬᠤ ᠨᠢᠭᠡᠴᠡ ᠲᠥᠯᠥᠪᠵᠢᠭᠦᠯᠭᠡ ᠶᠣᠰᠣᠭᠠᠷ ᠵᠢᠷᠤᠭ ᠲᠥᠯᠥᠪᠯᠡᠭᠡ ᠬᠢᠵᠦ᠂ ᠪᠠᠷᠢᠯᠭ᠎ᠠ ᠪᠠᠷᠢᠬᠤ ᠡᠭᠦᠷᠭᠡ ᠪᠠᠨ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ ᠲᠣᠬᠢᠷᠠᠭᠤᠯᠵᠤ᠂ ᠪᠠᠷᠢᠯᠭ᠎ᠠ ᠪᠠᠷᠢᠬᠤ ︽ᠰᠢᠵᠢᠷ ᠠᠯᠲᠠᠨ ᠬᠤᠭᠤᠴᠠᠭ᠎ᠠ︾ ᠶᠢ ᠠᠳᠬᠤᠨ᠂ ᠪᠠᠷᠢᠯᠭ᠎ᠠ ᠪᠠᠷᠢᠬᠤ ᠠᠵᠢᠯᠲᠠᠨ ᠪᠠ ᠮᠠᠰᠢᠨ ᠲᠥᠬᠦᠭᠡᠷᠦᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠪᠠᠷᠢᠯᠭ᠎ᠠ ᠪᠠᠷᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠦᠬᠡᠷᠳᠤᠭᠤᠯ ᠤᠨ ᠭᠤᠤ ᠳᠤ ᠢᠦᠢ ᡁᠢ ᠶᠦᠩ ᠭᠤᠣᠯ ᠴᠠᠭᠳᠠᠬᠤ ᠠᠵᠢᠯ ᠢ ᠥᠷᠨᠢᠭᠦᠯᠪᠡ᠃ ᠲᠡᠷᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠵᠤ᠂ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ᠂ ᠭᠤᠣᠯ ᠮᠥᠷᠡᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ ᠲᠦᠷᠢᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢ ᠲᠣᠭᠤᠷᠢᠨ ᠪᠠᠶᠢᠴᠠᠭᠠᠬᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤ ᠶᠢᠨ ᠪᠥᠭᠡᠳ ᠤᠷᠳᠤ ᠬᠤᠭᠤᠴᠠᠭ᠎ᠠ ᠪᠠᠷ ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠨᠥᠯᠥᠭᠡᠯᠡᠬᠦ ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠰᠢᠢᠳᠪᠦᠷᠢᠯᠡᠵᠦ᠂ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号