ᠪᠠᠢ ᠴᠦᠨ ᠯᠸᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/13
      8 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠵᠢᠴᠢ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠰᠢᠤ ᠹᠠᠩ᠂ ᠴᠧᠨ ᠬᠠᠢ ᠰᠢᠶᠤᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠬᠠᠶᠢᠨᠠᠨ ᠲᠣᠭᠤᠷᠢᠭ ᠤᠨ ᠬᠤᠶᠠᠳᠤᠭᠠᠷ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ᠂ ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠰᠦᠢᠳᠭᠡᠯ ᠬᠤᠷᠢᠶᠠᠬᠤ ᠥᠬᠡᠶ ᠪᠠᠷ ᠨᠡᠭᠡᠭᠡᠯᠲᠡ ᠬᠢᠭᠰᠡᠨ ᠪᠠᠶᠢᠳᠠᠯ᠂ ᠦᠬᠠᠶ ᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠰᠤᠷᠭᠠᠨ ᠬᠥᠮᠦᠵᠢᠯ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠬᠤᠲᠠ ᠶᠢᠨ ᠢᠷᠡᠭᠡᠳᠦᠶ ᠶᠢᠨ ᠬᠥᠭᠵᠢᠯᠲᠡ ᠳᠤ ᠬᠤᠯᠪᠣᠭᠳᠠᠵᠤ ᠪᠠᠶᠢᠳᠠᠭ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠪᠠᠷᠢᠯᠭ᠎ᠠ ᠪᠠᠷᠢᠬᠤ ᠨᠢᠭᠡᠴᠡ ᠢᠨᠵᠧᠨᠧᠷᠢᠩ ᠤᠨ ᠠᠮᠤᠷ ᠲᠦᠪᠰᠢᠨ ᠤ ᠪᠣᠭᠤᠮᠲᠠ᠂ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠵᠦ᠂ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠵᠤ᠂ ᠨᠠᠩ ᠣᠯᠠᠨ ᠬᠡᠤᠬᠡᠳ ᠢ ᠬᠡᠷ ᠤᠨ ᠡᠭᠦᠳᠡᠨ ᠳᠡᠭᠡᠨ ᠰᠠᠶᠢᠨ ᠰᠤᠷᠭᠠᠭᠤᠯᠢ ᠪᠣᠯᠭᠠᠬᠤ ᠬᠡᠷᠡᠭᠲᠡᠶ ᠭᠡᠵᠡᠶ᠃ ᠡᠯ᠎ᠡ ᠰᠤᠷᠭᠠᠭᠤᠯᠢ ᠨᠤᠭᠤᠳ ᠪᠡᠶ᠎ᠡ ᠶᠢᠨ ᠲᠠᠮᠢᠷ ᠤᠨ ᠣᠷᠳᠣᠨ ᠢ ᠰᠦᠢᠳᠬᠡᠯ ᠬᠤᠷᠢᠶᠠᠬᠤ ᠦᠭᠡᠶ ᠪᠠᠷ ᠨᠡᠭᠡᠭᠡᠬᠦ ᠠᠵᠢᠯ ᠤᠨ ᠬᠠᠮᠢᠶᠠᠷᠤᠯᠲᠠ ᠶᠢᠨ ᠳᠦᠷᠢᠮ ᠪᠣᠯᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠡᠯᠡᠳᠬᠡᠮᠵᠢ ᠲᠥᠬᠦᠭᠡᠷᠦᠮᠵᠢ ᠪᠠᠨ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠦᠢᠯᠡᠴᠢᠯᠡᠭᠡ ᠪᠠᠨ ᠳᠤᠯᠠᠭᠠᠴᠠᠭᠤᠯᠵᠤ᠂ ᠬᠠᠮᠢᠶᠠᠷᠤᠯᠲᠠ ᠪᠠᠨ ᠬᠡᠮᠵᠢᠶᠡᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢᠶᠠᠨ ᠦᠨᠡᠨᠬᠦ ᠨᠡᠩ ᠯᠠᠪᠳᠠᠭᠤᠨ ᠪᠥᠭᠡᠳ ᠨᠡᠩ ᠨᠠᠷᠢᠨ ᠨᠢᠮᠪᠠᠶ ᠬᠢᠵᠦ᠂ ᠨᠡᠶᠢᠭᠡᠮ ᠲᠣᠭᠤᠷᠢᠭ ᠪᠣᠯᠤᠨ ᠡᠷᠭᠢᠨ ᠲᠣᠭᠤᠷᠢᠨ ᠤ ᠣᠯᠠᠨ ᠲᠦᠮᠡᠨ ᠤ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠶᠢ ᠲᠠᠰᠤᠷᠠᠯᠲᠠ ᠤᠢᠭᠡᠢ ᠬᠠᠩᠭᠠᠬᠤ ᠬᠡᠷᠡᠭᠲᠡᠶ᠃ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠠᠵᠢᠯ ᠢ ᠢᠳᠡᠪᠬᠢᠲᠡᠢ ᠪᠡᠯᠡᠳᠬᠡᠵᠦ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠪᠠᠷᠢᠯᠭ᠎ᠠ ᠪᠠᠷᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠡᠭᠦᠯ ᠬᠤᠷᠢᠶᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠷᠴᠢᠨ ᠲᠣᠭᠤᠷᠢᠨ ᠴᠡᠪᠡᠷ ᠴᠡᠮᠴᠡᠭᠡᠷ᠂ ᠦᠢᠯᠡᠴᠢᠯᠡᠭᠡ ᠪᠦᠷᠢᠨ ᠭᠦᠢᠴᠡᠳ᠂ ᠴᠢᠳᠠᠮᠵᠢ ᠪᠦᠷᠢᠳᠦᠭᠰᠡᠨ ᠴᠣ ᠰᠢᠨ᠎ᠡ ᠰᠤᠷᠭᠠᠭᠤᠯᠢ ᠶᠢᠨ ᠬᠦᠷᠢᠶ᠎ᠡ ᠪᠠᠷ ᠰᠤᠷᠭᠠᠭᠤᠯᠢ ᠡᠬᠢᠯᠡᠬᠦ ᠶᠢ ᠪᠠᠲᠤᠯᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠨᠣᠭᠤᠭᠠᠷᠠᠭᠤᠯᠤᠯᠲᠠ᠂ ᠭᠡᠷᠡᠯᠲᠦᠭᠦᠯᠭᠡ ᠪᠠ ᠭᠤᠶᠤᠵᠢᠭᠤᠯᠤᠯᠲᠠ ᠶᠢ ᠰᠠᠶᠢᠲᠤᠷ ᠬᠢᠵᠦ᠂ ᠥᠷᠭᠡᠨ ᠤᠯᠠᠨ ᠪᠠᠭᠰᠢ ᠰᠤᠷᠤᠭᠴᠢᠳ ᠲᠤ ᠰᠠᠶᠢᠨ ᠰᠠᠶᠢᠬᠠᠨ ᠠᠵᠢᠯ ᠤᠨ ᠰᠤᠷᠤᠯᠴᠠᠯᠭ᠎ᠠ ᠶᠢᠨ ᠣᠷᠴᠢᠨ ᠲᠣᠭᠤᠷᠢᠨ ᠢ ᠬᠠᠩᠭᠠᠬᠤ ᠬᠡᠷᠡᠭᠲᠡᠢ᠃      ᠬᠦᠰᠡᠯᠡᠩᠴᠢᠨᠰᠢᠯᠢ ᠭᠠᠵᠠᠷ ᠣᠷᠣᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠶ ᠴᠦᠨ ᠯᠸᠢ ᠳᠠᠯᠳᠠ ᠬᠡᠮ ᠢ ᠵᠠᠰᠠᠵᠤ ᠪᠠᠶᠢᠭ᠎ᠠ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠣᠳᠣᠬᠠᠨ ᠳᠤ ᠶᠠᠭ ᠦᠶᠡᠷ ᠤᠨ ᠬᠤᠭᠤᠴᠠᠭ᠎ᠠ ᠪᠣᠯᠵᠣ ᠪᠠᠶᠢᠨ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠭᠤᠷᠬᠠᠶ ᠶᠢᠨ ᠠᠵᠤ ᠠᠬᠤᠶᠢᠯᠠᠯ ᠤᠨ ᠬᠢᠨ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠣᠳᠣᠯ ᠢ ᠡᠷᠡᠰ ᠲᠡᠪᠴᠢᠵᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠨᠡ ᠬᠦ ᠬᠥᠪᠴᠢ ᠶᠢ ᠢᠮᠠᠭᠲᠠ ᠴᠢᠩᠭᠠᠯᠠᠵᠤ᠂ ᠵᠠᠳᠠᠭᠠᠶ ᠠᠭᠤᠷᠬᠠᠶ ᠶᠢᠨ ᠤᠷᠤᠭᠤᠯ ᠤᠨ ᠭᠠᠮᠰᠢᠭ ᠢ ᠴᠢᠩᠭ᠎ᠠ ᠰᠡᠷᠭᠡᠶᠢᠯᠡᠨ᠂ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠶᠢ ᠪᠠᠲᠤᠯᠠᠭᠰᠠᠨ ᠪᠠᠶᠢᠳᠠᠯ ᠳᠣᠤᠷ᠎ᠠ ᠳᠠᠯᠳᠠ ᠬᠡᠮ ᠢ ᠵᠠᠰᠠᠬᠤ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠵᠠᠰᠠᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号