ᠦᠰᠦᠭᠲᠦ ᠲᠠᠶᠢᠯᠤᠮᠵᠢ᠄ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/13
      ᠤᠳᠤᠷᠢᠳᠬᠠᠯ᠄ 2024 ᠣᠨ ᠤ 3 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠯᠢ ᠴᠢᠶᠠᠩ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠨᠢᠭᠡ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠶᠢᠨ ᠰᠤᠷᠤᠯᠭ᠎ᠠ ᠡᠬᠢᠯᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ 2024 ᠣᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠵᠥᠪᠯᠡᠬᠦ ᠠᠷᠠᠳᠴᠢᠯᠠᠯ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠪᠠᠯᠭᠠᠰᠤᠨ ᠤ ᠠᠯᠪᠠᠨ ᠬᠡᠷ᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠲᠠᠢ ᠬᠠᠷᠭᠤᠭᠤᠯᠵᠤ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠭᠦᠨᠵᠡᠭᠡᠶ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠦᠬᠠᠶ ᠬᠤᠲᠠ ᠶᠢᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠠᠵᠢᠯ︾᠂ ᠬᠠᠶᠢᠨᠠᠨ ᠲᠣᠭᠤᠷᠢᠭ ᠤᠨ ︽ᠠᠷᠪᠠᠨ ᠬᠤᠶᠠᠷ ᠵᠦᠢᠯ ᠤᠨ ᠭᠤᠤᠯᠳᠠᠯᠭ᠎ᠠ ᠲᠠᠢ ᠡᠭᠦᠷᠭᠡ︾ ᠶᠢᠨ ᠣᠨ ᠤ ᠪᠣᠳᠠᠲᠠᠶ ᠠᠵᠢᠯ ᠤᠨ ᠲᠣᠭᠤᠷᠢᠨ ᠳᠤ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠨᠥᠬᠦᠪᠥᠷᠢᠯᠡᠨ ᠨᠠᠷᠢᠯᠢᠬᠵᠢᠭᠤᠯᠵᠤ᠂ ᠰᠡᠳᠬᠢᠴᠡ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠢᠨ᠎ᠡ ᠶᠢ ᠡᠭᠦᠳᠬᠦ ᠭᠤᠣᠯᠯᠠᠬᠤ ᠦᠢᠯᠡᠳᠦᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠮᠠᠨ ᠤ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠳᠡᠰ ᠳᠡᠪᠰᠢᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠲᠦᠷᠦᠯ ᠵᠦᠢᠯ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠲᠦᠷᠦᠯ ᠵᠦᠢᠯ ᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠬᠦ ᠵᠢᠯ ᠤᠨ ᠪᠡᠯᠡ ᠣᠷᠣᠭᠤᠯᠤᠯᠲᠠ ᠶᠢᠨ ︽ᠤᠷᠤᠭᠰᠢᠯᠠᠬᠤ︾ ᠪᠠᠷ ᠪᠦᠬᠦ ᠵᠢᠯ ᠤᠨ ᠠᠵᠤ ᠠᠬᠤᠢ ᠶᠢᠨ ᠬᠥᠭᠵᠢᠯᠲᠡ ᠶᠢᠨ ︽ᠲᠣᠭᠲᠠᠭᠤᠨ︾ ᠢ ᠠᠬᠢᠭᠤᠯᠬᠤ ᠬᠡᠷᠡᠭᠲᠡᠢ᠃      ᠬᠤᠷᠠᠯ ᠠᠴᠠ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ︿ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾᠂ ︽ᠬᠠᠶᠢᠨᠠᠨ ᠲᠣᠭᠤᠷᠢᠭ ᠤᠨ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠪᠠᠷ ᠬᠢᠨᠠᠨ  ᠬᠠᠷᠭᠤᠭᠤᠯᠤᠭᠰᠠᠨ  ᠤ  ᠳᠠᠷᠠᠭ᠎ᠠ ᠂  ᠳᠠᠷᠤᠮᠠᠯᠯᠠᠨ  ᠲᠠᠷᠬᠠᠭᠠᠵᠤ  ᠬᠡᠷᠡᠭᠵᠢᠭᠦᠯᠦᠨ᠎ᠡ᠃       ᠭᠤᠷᠪᠠ᠂ ᠬᠤᠷᠠᠯ ᠠᠴᠠ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ ᠲᠣᠭᠤᠷᠢᠭ ᠤᠨ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ﹀ ᠶᠢᠨ ᠲᠤᠬᠠᠶ ᠲᠣᠭᠲᠠᠭᠠᠯ ᠤᠳ︾ ︵ᠬᠢᠨᠠᠨ ᠵᠥᠪᠯᠡᠬᠦ ᠨᠣᠤᠷᠠᠭ︶ ᠢ ᠬᠢᠨᠠᠨ ᠵᠥᠪᠯᠡᠵᠦ᠂ ᠬᠤᠷᠠᠯ ᠠᠴᠠ ︽ᠬᠠᠶᠢᠨᠠᠨ ᠲᠣᠭᠤᠷᠢᠭ ᠤᠨ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ ᠠᠮᠤᠷ ᠲᠦᠪᠰᠢᠨ ᠢ ᠬᠠᠮᠢᠶᠠᠷᠬᠤ︾ ᠲᠤᠬᠠᠶ ᠲᠣᠭᠲᠠᠭᠠᠯ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠳᠠᠭᠠᠭᠠᠯᠭᠠᠵᠤ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠱᠢ ᠯᠢ ᠴᠢᠶᠠᠩ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠡᠵᠡᠮᠳᠡᠭᠰᠡᠨ ᠤ ᠳᠠᠷᠠᠭ᠎ᠠ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃      ᠲᠦᠷᠪᠡ᠂ ᠬᠤᠷᠠᠯ ᠠᠴᠠ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠤᠰᠢᠶᠠᠭᠰᠠᠨ ︽ᠬᠠᠶᠢᠨᠠᠨ ᠲᠣᠭᠤᠷᠢᠭ ᠤᠨ ᠬᠢᠨ ᠳᠣᠯᠣᠳᠤᠭᠠᠷ ᠪᠦᠯᠦᠭ ᠤᠨ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠲᠠᠨᠢᠯᠴᠠᠭᠤᠯᠬᠤ ᠪᠠᠷ ᠪᠠᠶᠢᠭ᠎ᠠ ᠨᠡᠷᠡᠰ︾ ︵ᠬᠢᠨᠠᠨ ᠵᠥᠪᠯᠡᠬᠦ ᠨᠤᠤᠷᠠᠭ︶ ᠢ ᠬᠢᠨᠠᠨ ᠵᠥᠪᠯᠡᠵᠦ᠂ ᠬᠤᠷᠠᠯ ᠠᠴᠠ ︽ᠬᠠᠶᠢᠨᠠᠨ ᠲᠣᠭᠤᠷᠢᠭ ᠤᠨ ᠬᠢᠨ ᠳᠣᠯᠣᠳᠤᠭᠠᠷ ᠪᠦᠯᠦᠭ ᠤᠨ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠲᠠᠨᠢᠯᠴᠠᠭᠤᠯᠬᠤ ᠪᠠᠷ ᠪᠠᠶᠢᠭ᠎ᠠ ᠨᠡᠷᠡᠰ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠸᠠᠩ ᠶᠦᠩ ᠱᠧᠩ ᠲᠣᠭᠤᠷᠢᠭ ᠤᠨ ᠳᠡᠳ᠋ ᠳᠠᠷᠤᠭ᠎ᠠ ᠶᠢ ᠬᠢᠨᠠᠨ ᠬᠠᠷᠭᠤᠭᠤᠯᠵᠤ ᠠᠳᠬᠤᠭᠰᠠᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃      ᠲᠠᠪᠤ᠂ ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ 2024 ᠣᠨ ᠤ ᠬᠠᠶᠢᠨᠠᠨ ᠲᠣᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠵᠣᠬᠢᠶᠠᠨ ᠪᠠᠶᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠵᠢᠯᠤᠭᠤᠳᠤᠯᠭ᠎ᠠ ᠪᠠᠨ ᠴᠢᠩᠭᠠᠳᠬᠠᠵᠤ᠂ ᠲᠠᠷᠢᠶᠠᠴᠢᠨ ᠡᠷᠦᠬᠡ ᠶᠢ ᠬᠦᠳᠦᠯᠦᠨ ᠵᠢᠯᠣᠭᠤᠳᠴᠤ ᠪᠠᠶᠢᠭᠠᠳ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠴᠠᠭ ᠲᠤᠬᠠᠢ ᠳᠤᠨᠢ ᠶᠠᠰᠤ ᠴᠢᠨᠠᠷ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠤᠳᠤ ᠦᠶ᠎ᠡ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠣᠳᠣᠨ ᠦᠵᠦᠮ᠂ ᠲᠦᠬᠦᠭᠡᠷᠦᠮᠵᠢᠲᠦ ᠢᠳᠡᠰᠢᠨ ᠨᠣᠭᠤᠭ᠎ᠠ᠂ ᠤᠳᠤ ᠦᠶ᠎ᠡ ᠶᠢᠨ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠪᠠ ᠤᠳᠤ ᠦᠶ᠎ᠡ ᠶᠢᠨ ᠲᠠᠷᠢᠶᠠᠯᠠᠩ ᠤᠨ ᠦᠢᠯᠡᠴᠢᠯᠡᠭᠡ ᠪᠠᠷ ᠲᠤᠯᠭᠠᠭᠤᠷᠢᠯᠠᠯ ᠪᠣᠯᠭᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠲᠠᠷᠢᠮᠠᠯ ᠤᠨ ᠦᠢᠯᠡᠰ ᠤᠨ ᠪᠦᠲᠦᠴᠡ ᠪᠠᠨ ᠲᠤᠬᠢᠷᠠᠭᠤᠯᠵᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤ ᠪᠠᠷ ᠤᠨᠠᠯᠲᠠ ᠶᠢ ᠲᠣᠭᠲᠠᠭᠠᠬᠤ᠂ ᠤᠰᠤᠨ ᠤ ᠬᠡᠮᠵᠢᠶ᠎ᠡ ᠪᠠᠷ ᠬᠢᠬᠦ ᠶᠢ ᠪᠠᠷᠢᠮᠲᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠤᠨ ᠤᠰᠤ ᠠᠷᠪᠢᠯᠠᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠤᠨ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠬᠠᠶᠢᠨᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠶᠢᠨᠠᠨ ᠲᠣᠭᠤᠷᠢᠭ ᠤᠨ 2024 ᠣᠨ ᠤ ᠥᠷᠢ ᠥᠭᠴᠡᠭᠡ ᠶᠢ ᠠᠷᠢᠯᠭᠠᠬᠤ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠲᠥᠯᠥᠪᠯᠡᠭᠡ ᠶᠢᠨ ᠬᠤᠯᠪᠣᠭᠳᠠᠯ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠳᠤᠷᠠᠳᠤᠭᠰᠠᠨ ᠬᠠᠶᠢᠨᠠᠨ ᠲᠣᠭᠤᠷᠢᠭ ᠤᠨ 2024 ᠣᠨ ᠤ ᠥᠷᠢ ᠥᠭᠴᠡᠭᠡ ᠶᠢ ᠠᠷᠢᠯᠭᠠᠬᠤ ᠪᠡᠯᠡ ᠮᠥᠩᠭᠦ ᠶᠢᠨ ᠲᠤᠬᠢᠷᠠᠭᠤᠯᠤᠯᠳᠠ ᠶᠢᠨ ᠲᠥᠯᠥᠪᠯᠡᠭᠡ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号