ᠤᠳᠤᠷᠢᠳᠬᠠᠯ᠄ 2024 ᠣᠨ ᠤ 4 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠱᠢ ᠯᠢ ᠴᠢᠶᠠᠩ ᠲᠣᠭᠤᠷᠢᠭ ᠤᠨ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 | ᠣᠨ ᠤ 6 ᠳ᠋ᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 6 | ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠨᠢᠭᠡ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠨᠠᠨ ᠮᠤᠵᠢ ᠳᠤ ᠰᠢᠨᠵᠢᠯᠡᠨ ᠪᠠᠶᠢᠴᠠᠭᠠᠵᠤ | ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ᠂ ᠨᠡᠶᠢᠰᠯᠡᠯ ᠤᠨ ᠠᠯᠪᠠᠨ ᠵᠢᠷᠤᠮ ᠤᠨ ᠮᠣᠳᠣ | ᠳᠠᠷᠢᠬᠤ ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ | ᠰᠡᠳᠬᠦᠯ ᠤᠨ 2024 ᠣᠨ ᠤ 7 ᠳ᠋ᠤᠭᠠᠷ ᠬᠤᠭᠤᠴᠠᠭᠠᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ | ᠶᠡᠷᠦᠩᠬᠡᠢ ᠱᠦᠵᠢ ᠰᠢ ᠶᠢᠨ ᠫᠢᠩ ᠤᠨ ︽ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠶ᠎ᠠ︾᠂ ᠬᠤᠸᠠᠩ | ᡁᠢ ᠴᠢᠶᠠᠩ ᠳᠡᠳ᠋ ᠲᠡᠷᠢᠭᠦᠯᠡᠭᠴᠢ ᠶᠢᠨ ︽ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠢᠩᠬᠢᠮ ᠤᠨ ᠮᠡᠳᠡᠭᠦᠯᠦᠯᠲᠡ︾ ᠳᠡᠭᠡᠷᠡᠬᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠨᠢᠭᠤᠴᠠ ᠲᠡᠮᠳᠡᠭ ᠤᠨ ᠬᠠᠤᠯᠢ︾᠂ ︽ᠬᠤᠳᠠᠯᠳᠤᠭᠠᠨ ᠤ ᠬᠡᠷᠡᠭᠯᠡᠭᠡᠨ ᠤ ᠨᠢᠭᠤᠴᠠ | ᠲᠡᠮᠳᠡᠭ ᠤᠨ ᠬᠠᠮᠢᠶᠠᠷᠤᠯᠲᠠ ᠶᠢᠨ ᠳᠦᠷᠢᠮ︾ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ | ᠡᠯ᠎ᠡ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ | ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠶᠠᠷᠢᠯᠴᠠᠬᠤ ᠬᠤᠷᠠᠯ ᠪᠣᠯᠤᠨ ᠬᠤᠨᠠᠨ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ | ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠰᠣᠶᠣᠯ ᠤᠨ ᠵᠥᠭᠡᠯᠡᠨ ᠪᠣᠳᠠᠲᠤ ᠬᠦᠴᠦᠨ ᠢ ᠴᠢᠩᠭᠠᠳᠬᠠᠬᠤ᠂ ᠨᠠᠮ ᠤᠨ | ᠪᠠᠶᠢᠭᠤᠯᠤᠯᠲᠠ ᠶᠢ ᠪᠠᠷᠢᠮᠲᠠᠯᠠᠨ ᠴᠢᠩᠭᠠᠳᠬᠠᠬᠤ ᠵᠡᠷᠭᠡ ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠬᠠᠶᠢᠨᠠᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠭᠤᠣᠯ ᠬᠠᠷᠢᠭᠤᠴᠠᠯᠭ᠎ᠠ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠰᠤ ᠴᠢᠨᠠᠷ ᠦᠷ᠎ᠡ | ᠪᠦᠲᠦᠮᠵᠢ ᠶᠢ ᠴᠢᠩᠭᠠᠳᠬᠠᠬᠤ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠶᠢᠨ ᠡᠭᠦᠷᠭᠡ ᠱᠠᠭᠠᠷᠳᠠᠯᠭ᠎ᠠ ᠲᠠᠢ ᠨᠢᠭᠲᠠ | ᠤᠶᠠᠯᠳᠤᠭᠤᠯᠤᠨ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ | ᠦᠵᠡᠯ ᠰᠠᠨᠠᠭ᠎ᠠ ᠪᠠᠨ ᠲᠠᠰᠤᠷᠠᠯᠲᠠ ᠥᠬᠡᠶ ᠴᠢᠯᠥᠭᠡᠯᠡᠨ᠂ ᠬᠠᠷᠠᠭ᠎ᠠ ᠪᠠᠨ ᠥᠷᠭᠡᠳᠬᠡᠵᠦ᠂ ᠵᠣᠷᠢᠭᠲᠠᠶ ᠪᠠᠷ ᠰᠡᠳᠬᠢᠵᠦ | ᠵᠣᠷᠢᠭᠲᠠᠶ ᠬᠢᠵᠦ᠂ ᠵᠣᠷᠢᠭᠲᠠᠶ ᠪᠠᠷ ᠬᠠᠶᠢᠨ ᠰᠦᠪᠡᠭᠴᠢᠯᠡᠵᠦ᠂ ︽ᠭᠤᠷᠪᠠ ᠶᠢ ᠨᠡᠶᠢᠳᠬᠡᠬᠦ︾᠂ ᠰᠢᠨ᠎ᠡ ᠡᠨᠧᠷᠭᠢ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠳᠤᠮᠳᠠᠬᠢ ᠬᠦᠴᠢᠷ | ᠲᠦᠪᠡᠭᠲᠡᠶ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ | ᠠᠭᠤᠯᠤᠭᠳᠠᠬᠤᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢᠶᠠᠷ ᠠᠵᠠ ᠲᠣᠬᠢᠶᠠᠯ ᠪᠣᠯᠭᠠᠵᠤ᠂ ᠬᠤᠸᠠ ᠾᠧᠩ ᠡᠨᠧᠷᠭᠢ᠂ | ᠭᠤᠸᠠᠩ ᠶᠢᠨ ᠰᠢᠨ᠎ᠡ ᠮᠠᠲ᠋ᠧᠷᠢᠶᠠᠯ ᠵᠡᠷᠭᠡ BDO ᠦᠢᠯᠡᠳᠪᠦᠷᠢᠯᠡᠯ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠵᠤ ᠰᠢᠨ᠎ᠡ ᠶᠢ ᠡᠭᠦᠳᠬᠦ ᠴᠢᠳᠠᠪᠤᠷᠢ ᠪᠠᠨ ᠴᠢᠩᠭᠠᠳᠬᠠᠵᠤ᠂ | ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠵᠠᠭᠠᠶᠢᠷᠠᠬᠤ ᠶᠢ | ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ ᠤ ᠪᠦᠳᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ | ᠬᠥᠭᠵᠢᠭᠦᠯᠵᠦ᠂ ᠤᠨᠴᠠᠯᠢᠬᠳᠤ ᠲᠠᠷᠢᠮᠠᠯ ᠲᠡᠵᠢᠭᠡᠪᠦᠷᠢ ᠶᠢᠨ ᠦᠢᠯᠡᠳᠪᠦᠷᠢᠯᠡᠯ ᠤᠨ ᠬᠡᠪᠴᠢᠶ᠎ᠡ ᠶᠢ ᠥᠷᠭᠡᠳᠬᠡᠵᠦ᠂ | ᠦᠵᠦᠮ᠂ ᠥᠨᠳᠡᠭᠡᠨ ᠲᠠᠬᠢᠶ᠎ᠠ ᠵᠡᠷᠭᠡ ᠳᠤ ᠲᠦᠰᠢᠭᠯᠡᠨ ᠲᠤᠰ ᠭᠠᠵᠠᠷ ᠤᠨ ᠲᠠᠷᠢᠶᠠᠯᠠᠩ ᠤᠨ ᠲᠦᠷᠦᠯ ᠲᠡᠮᠳᠡᠭ ᠢ | ᠪᠤᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠠᠳᠬᠤᠬᠤ ᠴᠢᠬᠤᠯᠠ ᠶᠡᠭᠡ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ | ᠦᠬᠠᠶ ᠬᠤᠲᠠ ᠶᠢᠨ ︽ᠠᠷᠪᠠᠨ ᠬᠤᠶᠠᠷ ᠭᠤᠤᠯᠳᠠᠯᠭ᠎ᠠ ᠲᠠᠢ ᠠᠵᠢᠯ︾ ᠪᠣᠯᠤᠨ ᠬᠠᠶᠢᠨᠠᠨ ᠲᠣᠭᠤᠷᠢᠭ ᠤᠨ ᠪᠥᠬᠦ | ᠬᠤᠷᠠᠯ ᠠᠴᠠ ᠲᠣᠭᠲᠠᠭᠠᠭᠰᠠᠨ 12 ᠵᠦᠶ᠋ᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠥᠭᠡᠷᠡᠴᠢᠯᠡᠯᠲᠡ ᠶᠢᠨ | ᠵᠠᠩᠭᠢᠯᠠᠭ᠎ᠠ ᠶᠢᠨ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠶ ᠣᠯᠵᠤ᠂ ᠥᠭᠡᠷᠡᠴᠢᠯᠡᠯᠲᠡ ᠶᠢᠨ ᠡᠯ᠎ᠡ ᠵᠦᠶ᠋ᠯ ᠤᠨ | ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ 4 | ᠰᠠᠷ᠎ᠠ ᠶᠢᠨ 1 ᠤ ᠡᠳᠦᠷ ᠤᠨ ᠨᠡᠶᠢᠲᠡᠯᠡᠭᠰᠡᠨ ᠴᠢᠬᠤᠯᠠ ᠵᠣᠬᠢᠶᠠᠯ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠦᠷ᠎ᠡ ᠪᠦᠲᠦᠮᠵᠢ ᠶᠢ ᠬᠦᠴᠦᠯᠡᠨ | ᠳᠡᠭᠡᠭᠰᠢᠯᠡᠭᠦᠯᠵᠦ᠂ ᠬᠠᠯᠠᠭᠤᠨ ᠳᠤᠯᠠᠭᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠳᠠ ᠶᠢ ᠰᠢᠨᠡᠳᠬᠡᠬᠦ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ | ᠬᠤᠳᠠ ᠶᠢᠨ ᠵᠠᠮ ᠢ ᠳᠡᠭᠡᠭᠰᠢᠯᠡᠭᠦᠯᠬᠦ᠂ ᠬᠤᠳᠠ ᠶᠢᠨ ᠬᠤᠭᠤᠯᠠᠢ ᠲᠣᠣᠷ ᠢ ᠰᠢᠨᠡᠳᠬᠡᠬᠦ᠂ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ᠂ | ᠠᠵᠢᠯ ᠣᠯᠭᠤᠯᠲᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ | ᠤᠯᠠᠨ ᠢ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ᠃ | ᠠᠭᠤᠷᠬᠠᠢ ᠶᠢᠨ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠬᠦᠴᠦᠨ ᠢ | ᠴᠢᠩᠭᠠᠳᠬᠠᠵᠤ᠂ ᠤᠨᠢᠨ ᠳᠡᠭᠡᠷ᠎ᠡ ᠨᠢ ᠬᠠᠤᠯᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠲᠦᠷᠢᠮ ᠤᠨ ᠰᠢᠰᠲ᠋ᠧᠮ ᠢ | ᠪᠦᠷᠢᠨᠰᠢᠬᠦᠯᠦᠨ ᠲᠡᠭᠦᠯᠳᠡᠷᠵᠢᠭᠦᠯᠵᠦ᠂ ᠠᠮᠤᠷ ᠲᠦᠪᠰᠢᠨ ᠤ ᠰᠠᠭᠤᠷᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠬᠦ | ᠬᠡᠷᠡᠭᠲᠡᠢ᠃ | ᠬᠤᠶᠠᠷ᠂ ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠪᠰᠢᠭᠦᠯᠦᠭᠰᠡᠨ | ︽ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠶᠢ | ᠰᠢᠯᠭᠠᠨ ᠦᠨᠡᠯᠡᠬᠦ ᠠᠷᠭ᠎ᠠ ︵ᠬᠢᠨᠠᠨ ᠵᠥᠪᠯᠡᠬᠦ ᠨᠣᠤᠷᠠᠭ︶︾ ᠶᠢ ᠬᠢᠨᠠᠨ ᠵᠥᠪᠯᠡᠪᠡ᠃ ᠬᠤᠷᠠᠯ ᠠᠴᠠ ︽ᠬᠠᠶᠢᠨᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠬᠦ ᠠᠷᠭ᠎ᠠ︾ ᠶᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ | ᠬᠡᠷ ᠬᠤᠷᠠᠯ ᠤᠨ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠱᠢ | ᠯᠢ ᠴᠢᠶᠠᠩ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠡᠵᠡᠮᠳᠡᠭᠰᠡᠨ ᠤ ᠳᠠᠷᠠᠭ᠎ᠠ᠂ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠦᠨ᠎ᠡ᠃ | ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ ᠲᠣᠭᠤᠷᠢᠭ ᠤᠨ ᠤᠯᠤᠰ ᠤᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ | ᠪᠠᠶᠢᠭᠤᠯᠬᠤ ᠶᠢ ᠭᠦᠨᠵᠡᠭᠡᠶ ᠳᠥᠯᠭᠢᠨ ᠠᠬᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ | ᠲᠠᠩᠰᠠ ︵ᠬᠢᠨᠠᠨ ᠵᠥᠪᠯᠡᠬᠦ ᠨᠣᠤᠷᠠᠭ︶︾ ︽ᠬᠠᠶᠢᠨᠠᠨ ᠲᠣᠭᠤᠷᠢᠭ ᠤᠨ ᠤᠯᠤᠰ ᠤᠨ ᠴᠢᠬᠤᠯᠠ ᠡᠨᠧᠷᠭᠢ ᠪᠠ | ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠭᠦᠨᠵᠡᠭᠡᠶ | ᠳᠥᠯᠭᠢᠨ ᠠᠬᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ︵ᠬᠢᠨᠠᠨ ᠵᠥᠪᠯᠡᠬᠦ | ᠨᠣᠤᠷᠠᠭ︶︾ ᠶᠢ ᠬᠢᠨᠠᠨ ᠵᠥᠪᠯᠡᠵᠦ᠂ ︽ᠬᠠᠶᠢᠨᠠᠨ ᠲᠣᠭᠤᠷᠢᠭ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ | ᠡᠭᠦᠷᠭᠡ ᠶᠢᠨ ᠨᠠᠷᠢᠨ ᠲᠠᠩᠰᠠ︾ ︽ᠬᠠᠶᠢᠨᠠᠨ ᠲᠣᠭᠤᠷᠢᠭ ᠤᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠭᠦᠨᠵᠡᠭᠡᠶ | ᠳᠥᠯᠭᠢᠨ ᠠᠬᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ︽ᠬᠠᠶᠢᠨᠠᠨ | ᠲᠣᠭᠤᠷᠢᠭ ᠤᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠥᠲᠥᠭᠡᠨ ᠪᠠᠶᠢᠭᠤᠯᠬᠤ 2024 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾ ᠶᠢ | ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ | ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠥᠬᠦᠶ ᠬᠤᠪᠢᠳᠠᠨ ᠬᠠᠮᠢᠶᠠᠷᠬᠤ ᠳᠡᠳ᠋ | ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠡᠵᠡᠮᠳᠡᠭᠰᠡᠨ ᠤ ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠥᠪᠯᠡᠭᠦᠯᠦᠨ᠎ᠡ᠃ | ᠭᠤᠷᠪᠠ᠂ ᠬᠤᠷᠠᠯ ᠠᠴᠠ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠲᠤᠰᠢᠶᠠᠭᠰᠠᠨ ︽ᠬᠠᠶᠢᠨᠠᠨ | ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ ︵2023-2025 ᠣᠨ︶ ᠶᠢᠨ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ | ᠨᠣᠤᠷᠠᠭ︶︾ ᠢ ᠬᠢᠨᠠᠨ ᠵᠥᠪᠯᠡᠵᠦ᠂ ᠬᠤᠷᠠᠯ ᠠᠴᠠ ︽ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023-2025 | ᠣᠨ︶ ᠶᠢᠨ ᠬᠡᠷᠡᠭᠵᠢᠭᠦᠯᠬᠦ ᠲᠥᠰᠦᠯ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠳᠤ ᠳᠠᠭᠠᠭᠠᠯᠭᠠᠵᠤ ᠬᠤᠷᠠᠯ ᠤᠨ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ | ᠠᠯᠬᠤᠮ ᠵᠠᠰᠠᠨ ᠲᠡᠭᠦᠯᠳᠡᠷᠵᠢᠭᠦᠯᠵᠦ᠂ ᠯᠢᠦ ᠵᠢᠶᠠᠨ ᠫᠢᠩ ᠳᠡᠳ᠋ ᠲᠣᠭᠤᠷᠢᠭ ᠤᠨ ᠳᠠᠷᠤᠭ᠎ᠠ ᠬᠢᠨᠠᠨ | ᠬᠠᠷᠭᠤᠭᠤᠯᠤᠭᠰᠠᠨ ᠤ ᠳᠠᠷᠠᠭ᠎ᠠ᠂ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠎ᠡ᠃ | ᠬᠤᠷᠠᠯ ᠠᠴᠠ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠤᠪᠴᠢᠶ᠎ᠠ ᠶᠢᠨ ᠬᠤᠳᠠ ᠶᠢᠨ ᠰᠢᠨᠡᠴᠢᠯᠡᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠨᠢᠭᠡ ᠳᠤ᠂ ᠵᠣᠷᠢᠭ ᠰᠢᠭᠤᠳᠴᠤ᠂ ᠨᠠᠷᠢᠨ ᠬᠢᠨᠠᠮᠠᠭᠠᠢ ᠰᠤᠳᠤᠯᠵᠤ᠂ | ᠨᠠᠷᠢᠨ ᠨᠢᠮᠪᠠᠢ ᠲᠥᠯᠥᠪᠵᠢᠭᠦᠯᠵᠦ᠂ ᠤᠯᠠᠨ ᠲᠦᠮᠡᠨ ᠤ ᠲᠤᠰᠬᠠᠯ ᠬᠠᠮᠤᠭ ᠤᠨ ᠲᠥᠪᠯᠡᠷᠡᠩᠭᠦᠢ ᠬᠠᠮᠤᠭ ᠤᠨ | ᠲᠤᠯᠭᠠᠮ᠎ᠠ ᠬᠦᠴᠢᠷ ᠠᠰᠠᠭᠤᠳᠠᠯ ᠢ ᠲᠤᠪᠤᠶᠢᠮ᠎ᠠ ᠰᠠᠶᠢᠲᠤᠷ ᠰᠢᠢᠳᠪᠦᠷᠢᠯᠡᠵᠦ᠂ ᠥᠨᠳᠥᠷ ᠭᠠᠷᠤᠭ᠎ᠠ᠂ ᠥᠨᠳᠥᠷ | ᠪᠠᠷᠢᠮᠵᠢᠶ᠎ᠠ ᠪᠠᠷ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠬᠤᠳᠠ ᠶᠢᠨ ᠴᠢᠳᠠᠪᠬᠢ ᠶᠢᠨ | ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠳᠠ ᠶᠢᠨ ᠶᠠᠰᠤ ᠴᠢᠨᠠᠷ ᠲᠦᠷᠢ ᠲᠥᠷᠬᠦ ᠶᠢ | ᠳᠡᠭᠡᠭᠰᠢᠯᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠪᠣᠯᠤᠨ ᠣᠷᠣᠨ ᠰᠠᠭᠤᠴᠠ ᠶᠢᠨ ᠣᠷᠴᠢᠨ | ᠲᠣᠭᠤᠷᠢᠨ ᠢ ᠨᠡᠩ ᠰᠠᠶᠢᠲᠤᠷ ᠰᠠᠶᠢᠵᠢᠷᠠᠭᠤᠯᠬᠤ ᠬᠡᠷᠡᠭᠲᠡᠢ᠃ ᠬᠤᠶᠠᠷ ᠲᠤ᠂ ᠶᠠᠰᠤ ᠴᠢᠨᠠᠷ ᠢ ᠳᠡᠭᠡᠭᠰᠢᠯᠡᠭᠦᠯᠬᠦ | ᠲᠠᠯ᠎ᠠ ᠪᠠᠷ ᠬᠦᠴᠦ ᠣᠷᠣᠭᠤᠯᠵᠤ᠂ ᠰᠢᠰᠲ᠋ᠧᠮ ᠲᠠᠢ ᠲᠥᠯᠥᠪᠵᠢᠭᠦᠯᠬᠦ᠂ ᠪᠦᠬᠦᠯᠢ ᠴᠣᠭᠴᠠ ᠶᠢᠨ ᠪᠦᠲᠦᠭᠡᠨ | ᠪᠠᠶᠢᠭᠤᠯᠤᠯᠲᠠ᠂ ᠰᠢᠨ᠎ᠡ ᠬᠠᠭᠤᠴᠢᠨ ᠬᠠᠮᠵᠢᠯᠴᠠᠭ᠎ᠠ ᠶᠢ ᠪᠠᠷᠢᠮᠲᠠᠯᠠᠵᠤ᠂ ᠬᠤᠶᠠᠳᠤᠭᠠᠷ᠂ ᠠᠷᠪᠠ ᠶᠢᠰᠦᠳᠦᠭᠡᠷ | ᠳᠤᠮᠳᠠᠳᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠤ ᠰᠠᠭᠤᠷᠢ ᠲᠥᠬᠦᠭᠡᠷᠦᠮᠵᠢ ᠪᠠ ᠨᠣᠭᠤᠭᠠᠨ ᠴᠠᠭᠠᠷᠢᠭ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠭᠤᠷᠪᠠ ᠳᠤ᠂ ᠨᠠᠷᠢᠯᠢᠭ ᠪᠠᠶᠢᠯᠭᠠᠬᠤ | ᠳᠡᠭᠡᠷ᠎ᠡ ᠬᠦᠴᠦ ᠲᠠᠯᠪᠢᠵᠤ᠂ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ | ᠰᠢᠯᠤᠭᠤᠳᠬᠠᠵᠤ᠂ ᠨᠠᠷᠢᠯᠢᠬᠵᠢᠭᠤᠯᠬᠤ ᠤᠢᠢᠯᠠᠭᠠᠭᠳᠠᠬᠤᠨ ᠢ ᠬᠤᠳᠠ ᠶᠢᠨ ᠬᠠᠮᠢᠶᠠᠷᠤᠯᠲᠠ ᠶᠢᠨ ᠡᠯ᠎ᠡ ᠲᠠᠯ᠎ᠠ ᠳᠤ | ᠲᠤᠭᠤᠰᠢᠯᠠᠭᠤᠯᠵᠤ᠂ ᠬᠤᠳᠠ ᠶᠢᠨ ᠠᠮᠢᠳᠤᠷᠠᠯ ᠢ ᠨᠡᠩ ᠪᠣᠯᠪᠠᠰᠤᠨ ᠡᠮᠬᠢ ᠵᠢᠷᠤᠮ ᠲᠠᠢ ᠪᠣᠯᠭᠠᠬᠤ ᠬᠡᠷᠡᠭᠲᠡᠢ᠃ | ᠲᠦᠷᠪᠡ ᠳᠤ᠂ ᠬᠠᠮᠢᠶᠠᠷᠤᠯᠲᠠ ᠶᠢᠨ ᠲᠠᠯ᠎ᠠ ᠪᠠᠷ ᠦᠨᠡᠨ ᠪᠣᠳᠠᠲᠠᠢ ᠠᠵᠢᠯᠯᠠᠵᠤ᠂ ᠠᠵᠢᠯ ᠤᠨ ᠡᠷᠴᠢᠮ ᠢᠶᠠᠨ | ᠴᠢᠩᠭᠠᠷᠠᠭᠤᠯᠵᠤ᠂ ᠦᠷᠭᠦᠯᠵᠢ ᠲᠣᠭᠤᠷᠢᠨ ᠪᠠᠶᠢᠴᠠᠭᠠᠵᠤ᠂ ᠴᠢᠩᠭ᠎ᠠ ᠬᠢᠨᠠᠨ ᠬᠠᠮᠢᠶᠠᠷᠴᠤ᠂ ᠴᠡᠭᠴᠡᠯᠡᠨ ᠵᠠᠰᠠᠬᠤ ᠶᠢ | ᠴᠢᠩᠭᠠᠳᠬᠠᠵᠤ᠂ ᠳᠤᠷ᠎ᠠ ᠪᠠᠷ ᠢᠶᠠᠨ ᠪᠠᠶᠢᠭᠤᠯᠬᠤ᠂ ᠵᠠᠮ ᠡᠵᠡᠯᠡᠨ ᠡᠵᠡᠩᠨᠡᠬᠦ ᠵᠡᠷᠭᠡ ᠬᠤᠳᠠ ᠶᠢᠨ ᠦᠵᠡᠮᠵᠢ ᠶᠢᠨ | ᠣᠷᠴᠢᠨ ᠲᠣᠭᠤᠷᠢᠨ ᠢ ᠡᠪᠳᠡᠭᠰᠡᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠ ᠶᠢᠨ ᠣᠷᠴᠢᠨ | ᠲᠣᠭᠤᠷᠢᠨ ᠤ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ | ᠳᠥᠷᠪᠡ᠂ ᠬᠤᠷᠠᠯ ᠠᠴᠠ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠤᠯᠪᠣᠭᠳᠠᠯ | ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ᠭᠤᠣᠯᠳᠠᠯᠭ᠎ᠠ ᠶᠢ ᠠᠳᠬᠤᠵᠤ᠂ | ᠵᠠᠩᠭᠢᠯᠠᠭ᠎ᠠ ᠶᠢ ᠡᠵᠡᠮᠳᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠬᠦᠴᠦᠯᠡᠬᠦ ᠴᠡᠭ᠂ ᠰᠢᠪᠲᠤᠯᠤᠯᠲᠠ ᠶᠢᠨ ᠴᠡᠭ ᠢ ᠣᠨᠣᠪᠴᠢᠲᠠᠶ ᠡᠷᠢᠨ ᠣᠯᠵᠤ᠂ ᠡᠯ᠎ᠡ ᠵᠦᠢᠯ ᠤᠨ | ᠠᠵᠢᠯ ᠢᠶᠠᠨ ᠦᠨᠡᠨ ᠪᠣᠳᠠᠲᠠᠶ ᠪᠠᠷ ᠰᠠᠶᠢᠲᠤᠷ ᠬᠢᠵᠦ᠂ ᠠᠷᠠᠳ ᠣᠯᠠᠨ ᠳᠤ ᠪᠥᠬᠦ ᠲᠠᠯ᠎ᠠ ᠶᠢᠨ᠂ ᠪᠥᠬᠦ ᠦᠶᠡᠯᠡᠯ ᠤᠨ | ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠶ᠃ ᠨᠢᠭᠡ ᠳᠤ᠂ | ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠭᠦᠯᠵᠦ᠂ ᠮᠠᠨ ᠤ ᠲᠤᠭᠤᠷᠢᠭ ᠤᠨ ᠪᠣᠳᠠᠲᠤ ᠪᠠᠶᠢᠳᠠᠯ ᠢ | ᠭᠦᠢᠴᠡᠳ ᠪᠣᠳᠣᠯᠬᠢᠯᠠᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠮᠴᠢᠯᠡᠭᠡᠨ ᠤ ᠡᠬᠢ ᠪᠠᠶᠠᠯᠢᠭ ᠤᠨ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠤᠲᠠ ᠶᠢᠨ ᠨᠢᠭᠲᠠ ᠬᠡᠯᠪᠡᠷᠢ ᠶᠢᠨ ᠡᠮᠴᠢᠯᠡᠭᠡᠨ ᠤ ᠪᠦᠯᠦᠭᠯᠡᠯ ᠤᠨ | ᠪᠥᠲᠥᠭᠡᠨ ᠪᠠᠶᠢᠭᠤᠯᠤᠯᠲᠠ᠂ ᠱᠠᠲᠤ ᠬᠤᠪᠢᠶᠠᠨ ᠣᠨᠣᠰᠢᠯᠠᠨ ᠡᠮᠨᠡᠬᠦ ᠵᠡᠷᠭᠡ ᠠᠵᠢᠯ ᠢ ᠯᠠᠪᠳᠠᠭᠤᠨ ᠪᠠᠲᠤᠲᠠᠶ | ᠠᠬᠢᠭᠤᠯᠵᠤ᠂ ᠣᠯᠠᠨ ᠲᠦᠮᠡᠨ ᠳᠤ ᠡᠪᠡᠳᠴᠢᠨ ᠢᠶᠠᠨ ᠰᠠᠶᠢᠲᠤᠷ ᠦᠵᠡᠭᠦᠯᠵᠦ ᠥᠭᠬᠦ ᠬᠡᠷᠡᠭᠲᠡᠶ᠃ ᠬᠤᠶᠠᠷ ᠲᠤ᠂ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ᠂ | ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠠᠬᠢᠭᠤᠯᠵᠤ᠂ ᠬᠦᠨᠳᠦ ᠶᠡᠭᠡ ᠡᠪᠡᠳᠴᠢᠨ ᠡᠮᠭᠡᠭ ᠢ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ᠂ ᠤᠯᠠᠨ ᠲᠦᠮᠡᠨ ᠢ ᠳᠤᠲᠠᠭᠤ ᠡᠪᠡᠳᠴᠢᠨ ᠦᠵᠡᠭᠦᠯᠬᠦ ᠬᠡᠷᠡᠭᠲᠡᠢ᠃ | ᠭᠤᠷᠪᠠ ᠳᠤ᠂ ︽ᠭᠤᠷᠪᠠᠨ ᠡᠮᠴᠢᠯᠡᠭᠡᠨ ᠤ ᠬᠤᠯᠪᠣᠭᠠᠯᠠᠨ ᠬᠥᠳᠡᠯᠦᠯᠴᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ | ᠡᠮᠴᠢᠯᠡᠭᠡᠨ ᠤ ᠦᠶ᠋ᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ᠂ ᠴᠠᠯᠢᠩ ᠬᠥᠯᠥᠰᠥ ᠶᠢᠨ ᠲᠦᠷᠢᠮ ᠤᠨ | ᠥᠭᠡᠷᠡᠴᠢᠯᠡᠯᠲᠡ ᠵᠡᠷᠭᠡ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠵᠤ᠂ ᠣᠯᠠᠨ | ᠲᠦᠮᠡᠨ ᠳᠤ ᠢᠯᠡᠭᠦᠬᠡᠨ ᠠᠰᠢᠭ ᠬᠦᠷᠲᠡᠭᠡᠬᠦ ᠬᠡᠷᠡᠭᠲᠡᠶ᠃ ᠲᠦᠷᠪᠡ ᠳᠤ᠂ ᠴᠢᠳᠠᠪᠤᠷᠢᠲᠠᠨ ᠢ ︽ᠣᠷᠣᠭᠤᠯᠤᠨ | ᠠᠪᠴᠢᠷᠠᠵᠤ ᠦᠯᠡᠳᠡᠭᠡᠨ ᠬᠡᠷᠡᠭᠯᠡᠬᠦ︾ ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠲᠠᠭᠤ ᠠᠷᠭ᠎ᠠ ᠪᠣᠳᠠᠲᠠᠢ ᠠᠷᠭ᠎ᠠ ᠪᠠᠷ ᠨᠢᠭᠡ ᠪᠦᠯᠦᠭ ᠥᠨᠳᠥᠷ ᠬᠡᠪ | ᠪᠣᠯᠪᠠᠰᠤᠷᠠᠯ ᠲᠠᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ | ᠴᠢᠳᠠᠪᠤᠷᠢᠲᠠᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ | ᠠᠵᠢᠯ ᠢ ᠰᠠᠶᠢᠲᠤᠷ ᠬᠢᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠳᠡᠶᠢᠯᠬᠦ᠂ ᠦᠯᠡᠳᠡᠭᠡᠵᠦ ᠳᠡᠶᠢᠯᠬᠦ᠂ | ᠰᠠᠶᠢᠲᠤᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠲᠠᠪᠤ ᠳᠤ᠂ ᠡᠮᠴᠢ ᠶᠢᠨ ᠮᠣᠷᠠᠯ ᠠᠵᠢᠯ ᠲᠥᠷᠥᠯ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ ᠢ | ᠴᠢᠩᠭᠠᠳᠬᠠᠨ᠂ ᠡᠮᠴᠢᠯᠡᠭᠡᠨ ᠤ ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ︽ᠠᠵᠢᠯ ᠲᠥᠷᠥᠯ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠡᠮᠨᠡᠯᠭᠡ ᠶᠢᠨ ᠬᠤᠷᠢᠶᠠᠨ ᠤ ᠰᠤᠷᠲᠠᠯ ᠴᠢᠬᠡᠴᠢ ᠣᠪᠣᠷ ᠴᠢᠬᠡᠴᠢ | ᠪᠠᠶᠢᠬᠤ ᠶᠢ ᠬᠦᠴᠦᠯᠡᠨ ᠪᠤᠢ ᠪᠣᠯᠭᠠᠬᠤ ᠡᠨᠡ ᠬᠦ ᠠᠵᠢᠯ ᠲᠦᠷᠦᠯ ᠤᠨ ᠠᠮᠢ ᠠᠬᠤᠢ ᠶᠢᠨ ᠠᠵᠢᠯ ᠲᠦᠷᠦᠯ ᠤᠨ ᠠᠮᠢ | ᠠᠬᠤᠢ ᠨᠢ ᠤᠯᠠᠨ ᠲᠦᠮᠡᠨ ᠢ ᠨᠡᠩ ᠬᠠᠨᠤᠮᠵᠢᠲᠠᠢ ᠪᠤᠯᠭᠠᠬᠤ ᠪᠤᠯᠤᠨ᠎ᠠ᠃ ᠳᠠᠬᠢᠨ ᠪᠦᠷᠢᠳᠭᠡᠬᠦ ᠬᠡᠷᠡᠭᠲᠡᠢ᠃ | ᠲᠠᠪᠤ᠂ ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ᠶᠢᠨ ᠲᠤᠰᠢᠶᠠᠭᠰᠠᠨ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠤᠤᠯ ᠤᠨ ᠵᠠᠮ ᠤᠨ | ᠬᠠᠮᠢᠶᠠᠷᠤᠯᠲᠠ ᠶᠢᠨ ᠬᠡᠪᠴᠢᠶ᠎ᠡ ᠱᠤᠭᠤᠮ ᠢ ᠰᠢᠯᠢᠳᠡᠭᠵᠢᠭᠦᠯᠦᠨ ᠳᠣᠭᠢᠷᠠᠭᠤᠯᠬᠤ ᠲᠥᠰᠦᠯ ︵ᠬᠢᠨᠠᠨ ᠵᠥᠪᠯᠡᠬᠦ ᠨᠣᠤᠷᠠᠭ︶︾ | ᠢ ᠬᠢᠨᠠᠨ ᠵᠥᠪᠯᠡᠵᠦ᠂ ᠬᠤᠷᠠᠯ ᠠᠴᠠ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠤᠤᠯ ᠤᠨ ᠵᠠᠮ ᠤᠨ | ᠬᠠᠮᠢᠶᠠᠷᠤᠯᠲᠠ ᠶᠢᠨ ᠬᠡᠪᠴᠢᠶ᠎ᠡ ᠱᠤᠭᠤᠮ ᠢ ᠰᠢᠯᠢᠳᠡᠭᠵᠢᠭᠦᠯᠦᠨ ᠳᠣᠭᠢᠷᠠᠭᠤᠯᠬᠤ ᠲᠥᠰᠦᠯ︾ ᠢ ᠵᠠᠷᠴᠢᠮ ᠳᠡᠭᠡᠷ᠎ᠡ ᠪᠠᠨ | ᠵᠥᠪᠰᠢᠶᠡᠷᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢ | ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠸᠠᠩ | ᠶᠦᠩ ᠱᠧᠩ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠠᠷᠤᠮᠠᠯᠯᠠᠨ ᠲᠠᠷᠬᠠᠭᠠᠵᠤ | ᠬᠡᠷᠡᠭᠵᠢᠭᠦᠯᠦᠨ᠎ᠡ᠃ | ᠬᠤᠷᠠᠯ ᠠᠴᠠ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠤᠪᠴᠢᠶ᠎ᠠ ᠶᠢᠨ | ᠲᠤᠰᠢᠶᠠᠭᠰᠠᠨ ︽ᠦᠬᠠᠢ ᠬᠤᠳᠠ ᠶᠢᠨ ᠬᠠᠶᠢᠨᠠᠨ ᠲᠣᠭᠤᠷᠢᠭ ᠤᠨ ︿ᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ | ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠬᠥᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ | ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ ᠢ ᠬᠢᠨᠠᠨ ᠵᠥᠪᠯᠡᠵᠦ᠂ ᠬᠤᠷᠠᠯ ᠠᠴᠠ ︽ᠦᠬᠠᠢ | ᠬᠤᠳᠠ ᠶᠢᠨ ᠬᠠᠶᠢᠨᠠᠨ ᠲᠣᠭᠤᠷᠢᠭ ᠤᠨ ︿ᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ | ᠴᠡᠭᠴᠡᠯᠡᠨ ᠵᠠᠰᠠᠬᠤ︾ ᠢᠨᠵᠧᠨᠧᠷᠢᠩ ᠢ ᠰᠤᠷᠤᠯᠴᠠᠨ ᠬᠡᠷᠡᠭᠯᠡᠭᠰᠡᠨ ᠲᠤᠷᠰᠢᠯᠭ᠎ᠠ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠬᠡᠷᠡᠭᠵᠢᠭᠦᠯᠬᠦ ᠲᠥᠰᠦᠯ︾ ᠢ | ᠵᠠᠷᠴᠢᠮ ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ᠶᠢ ᠬᠤᠷᠠᠯ ᠠᠴᠠ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ | ᠲᠡᠭᠦᠯᠳᠡᠷᠵᠢᠭᠦᠯᠵᠦ᠂ ᠸᠠᠩ ᠶᠦᠩ ᠱᠧᠩ ᠳᠡᠳ᠋ ᠲᠣᠭᠤᠷᠢᠭ ᠤᠨ ᠳᠠᠷᠤᠭ᠎ᠠ ᠬᠢᠨᠠᠨ ᠬᠠᠷᠭᠤᠭᠤᠯᠵᠤ ᠡᠵᠡᠮᠳᠡᠭᠰᠡᠨ ᠤ | ᠳᠠᠷᠠᠭ᠎ᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ | ᠵᠥᠪᠯᠡᠭᠦᠯᠦᠨ᠎ᠡ᠃ | ᠵᠢᠷᠭᠤᠭ᠎ᠠ᠂ ᠬᠤᠷᠠᠯ ᠠᠴᠠ ᠲᠤᠭᠤᠷᠢᠭ ᠤᠨ ᠭᠠᠵᠠᠷ ᠰᠢᠷᠣᠶ ᠶᠢ ᠬᠤᠳᠠᠯᠳᠤᠨ ᠠᠪᠴᠤ ᠨᠥᠭᠡᠴᠡᠯᠡᠬᠦ ᠲᠥᠪ ᠤᠨ | ᠰᠢᠨ᠎ᠡ ᠪᠠᠷ ᠪᠠᠶᠢᠭᠤᠯᠤᠭᠰᠠᠨ ᠪᠤᠭᠤᠲᠤ ᠠᠴᠠ ᠵᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠲᠦᠷᠦᠯ ᠵᠦᠢᠯ | ︵ᠬᠠᠶᠢᠨᠠᠨ ᠤ ᠬᠡᠰᠡᠭ︶ ᠤᠨ ︽ᠭᠤᠷᠪᠠᠨ ᠴᠠᠬᠢᠯᠭᠠᠨ︾ ᠵᠢᠴᠢ ᠬᠤᠭᠤᠯᠠᠢ ᠤᠲᠠᠰᠤ ᠶᠢ ᠨᠡᠭᠦᠯᠭᠡᠨ ᠥᠭᠡᠷᠡᠴᠢᠯᠡᠬᠦ | ᠢᠨᠵᠧᠨᠧᠷᠢᠩ ᠤᠨ ᠬᠠᠮᠢᠶᠠᠷᠤᠯᠲᠠ ᠶᠢᠨ ᠠᠷᠭ᠎ᠠ ᠶᠢ ᠬᠤᠪᠢᠷᠠᠭᠤᠯᠬᠤ ᠬᠤᠯᠪᠣᠭᠳᠠᠯ ᠪᠦᠬᠦᠢ ᠪᠠᠶᠢᠳᠠᠯ ᠤᠨ ᠲᠤᠬᠠᠢ | ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠲᠤᠭᠤᠷᠢᠭ ᠤᠨ ᠭᠠᠵᠠᠷ ᠰᠢᠷᠣᠶ ᠶᠢ ᠬᠤᠳᠠᠯᠳᠤᠨ ᠠᠪᠴᠤ | ᠨᠥᠭᠡᠴᠡᠯᠡᠬᠦ ᠲᠥᠪ ᠤᠨ ᠳᠤᠷᠠᠳᠤᠭᠰᠠᠨ ᠰᠢᠨ᠎ᠡ ᠪᠠᠷ ᠪᠠᠶᠢᠭᠤᠯᠤᠭᠰᠠᠨ ᠪᠤᠭᠤᠲᠤ ᠠᠴᠠ ᠵᠢᠷᠭᠠᠢ ᠬᠦᠷᠬᠦ ᠲᠦᠷᠭᠡᠨ ᠤ | ᠲᠡᠮᠦᠷ ᠵᠠᠮ ᠤᠨ ᠲᠦᠷᠦᠯ ᠵᠦᠢᠯ ︵ᠬᠠᠶᠢᠨᠠᠨ ᠤ ᠬᠡᠰᠡᠭ︶ ᠤᠨ ︽ᠭᠤᠷᠪᠠᠨ ᠴᠠᠬᠢᠯᠭᠠᠨ︾ ᠵᠢᠴᠢ ᠬᠤᠭᠤᠯᠠᠢ | ᠱᠤᠭᠤᠮ ᠢ ᠨᠡᠭᠦᠯᠭᠡᠨ ᠥᠭᠡᠷᠡᠴᠢᠯᠡᠬᠦ ᠪᠠᠷᠢᠯᠭ᠎ᠠ ᠶᠢ ᠬᠤᠪᠢᠷᠠᠭᠤᠯᠬᠤ ᠬᠠᠮᠢᠶᠠᠷᠤᠯᠲᠠ ᠶᠢᠨ ᠠᠷᠭ᠎ᠠ ᠶᠢ ᠵᠠᠷᠴᠢᠮ | ᠳᠡᠭᠡᠷ᠎ᠡ ᠪᠠᠨ ᠵᠥᠪᠰᠢᠶᠡᠷᠡᠪᠡ᠃ ᠲᠤᠭᠤᠷᠢᠭ ᠤᠨ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠲᠥᠪ ᠢ | ᠬᠤᠷᠠᠯ ᠳᠤ ᠳᠤᠷᠠᠳᠤᠭᠰᠠᠨ ᠰᠠᠨᠠᠯ ᠢ ᠦᠨᠳᠦᠰᠦᠯᠡᠨ᠂ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠴᠧᠨ | ᠬᠠᠶ ᠰᠢᠶᠤᠤ ᠳᠡᠳ᠋ ᠲᠣᠭᠤᠷᠢᠭ ᠤᠨ ᠳᠠᠷᠤᠭ᠎ᠠ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠳᠠᠷᠤᠮᠠᠯᠯᠠᠨ | ᠲᠠᠷᠬᠠᠭᠠᠵᠤ ᠬᠡᠷᠡᠭᠵᠢᠭᠦᠯᠦᠨ᠎ᠡ᠃ | ᠬᠤᠷᠠᠯ ᠠᠴᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ᠂ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ | ᠮᠥᠩᠭᠦ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠬᠢᠨᠠᠮᠠᠭᠠᠶ ᠰᠤᠷᠤᠯᠴᠠᠨ ᠰᠤᠳᠤᠯᠵᠤ᠂ ᠮᠠᠨ ᠤ | ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ ᠬᠤᠶᠠᠷ ᠲᠤ᠂ | ᠲᠤᠭᠤᠷᠢᠭ ᠤᠨ ᠳᠡᠳ᠋ ᠳᠠᠷᠤᠭ᠎ᠠ ᠲᠦᠷᠦᠭᠦᠯᠡᠨ ᠱᠧᠩ ᠲᠠᠢ ᠤᠰᠤᠨ ᠤ ᠦᠢᠯᠡᠰ ᠢ ᠡᠮᠬᠢᠯᠡᠨ ᠨᠡᠶᠢᠯᠡᠭᠦᠯᠬᠦ ᠪᠠ ᠬᠤᠲᠠ | ᠪᠠᠯᠭᠠᠰᠤᠨ ᠤ ᠤᠰᠤᠨ ᠤ ᠶᠠᠪᠤᠳᠠᠯ ᠤᠨ ᠪᠦᠯᠦᠭᠯᠡᠯ ᠢ ᠡᠮᠬᠢᠯᠡᠨ ᠨᠡᠶᠢᠯᠡᠭᠦᠯᠬᠦ ᠬᠤᠯᠪᠣᠭᠳᠠᠯ ᠪᠥᠬᠦᠶ ᠠᠵᠢᠯ ᠢ ᠲᠤᠰᠬᠠᠶ | ᠰᠡᠳᠦᠪ ᠢᠶᠠᠷ ᠰᠤᠳᠤᠯᠵᠤ᠂ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠡᠮᠬᠢᠯᠡᠨ ᠨᠡᠶᠢᠯᠡᠭᠦᠯᠬᠦ ᠠᠵᠢᠯ ᠢ | ᠪᠡᠶᠡᠯᠡᠭᠦᠯᠦᠨ᠎ᠡ᠃ ᠭᠤᠷᠪᠠ ᠳᠤ᠂ ᠡᠯ᠎ᠡ ᠬᠤᠯᠪᠣᠭᠳᠠᠯ ᠪᠦᠬᠦᠢ ᠲᠦᠷᠦᠯ ᠵᠦᠢᠯ ᠤᠨ ᠬᠠᠷᠢᠭᠤᠴᠠᠬᠤ ᠨᠢᠭᠡᠴᠡ ᠨᠦᠭᠦᠳ | ᠨᠢᠭᠡᠨᠲᠡ ᠠᠵᠢᠯ ᠳᠠᠭᠤᠰᠤᠭᠰᠠᠨ ᠲᠥᠷᠥᠯ ᠵᠦᠢᠯ ᠤᠨ ᠲᠥᠰᠥᠪ ᠤᠨ ᠭᠦᠢᠴᠡᠳᠬᠡᠯ ᠤᠨ ᠠᠵᠢᠯ ᠢ ᠲᠦᠷᠭᠡᠳᠬᠡᠵᠦ᠂ | ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠵᠦᠢᠯᠡᠰ ᠢ ᠦᠷᠭᠦᠯᠵᠢᠯᠡᠨ ᠬᠤᠪᠢᠷᠠᠭᠤᠯᠬᠤ ᠠᠵᠢᠯ ᠢ ᠪᠦᠷᠢᠨᠰᠢᠭᠦᠯᠦᠨ | ᠲᠡᠭᠦᠯᠳᠡᠷᠵᠢᠭᠦᠯᠬᠦ ᠬᠡᠷᠡᠭᠲᠡᠢ ᠭᠡᠵᠡᠢ᠃ |