ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
      8 ᠰᠠᠷ᠎ᠠ ᠶᠢᠨ 13 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠭᠤᠣᠯ ᠬᠠᠷᠢᠭᠤᠴᠠᠯᠭᠠᠲᠠᠨ ᠵᠢᠴᠢ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠳ ᠬᠤᠷᠠᠯ ᠳᠤ ᠣᠷᠣᠯᠴᠠᠪᠠ᠃      ᠬᠤᠷᠠᠯ ᠠᠴᠠ ᠠᠷᠠᠳ ᠤᠨ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠤᠭ᠎ᠠ ᠪᠠᠷᠢᠮᠲᠠ ᠶᠢᠨ ᠲᠥᠪ ᠤᠨ ᠳᠡᠳ᠋ ᠡᠷᠬᠢᠯᠡᠭᠴᠢ᠂ ᠠᠷᠠᠳ ᠤᠨ ᠰᠦᠯᠵᠢᠶᠡᠨ ᠤ ᠰᠦᠯᠵᠢᠶᠡᠨ ᠤ ᠶᠡᠷᠦᠩᠬᠡᠶ ᠨᠠᠶᠢᠷᠠᠭᠤᠯᠤᠭᠴᠢ ᠶᠢᠨ ᠱᠠᠨ ᠰᠢᠤᠸᠠᠢ ᠭᠠᠩ᠂ ᠦᠬᠠᠶ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠭᠠᠵᠢᠭᠤ ᠨᠣᠮᠯᠠᠯ ᠢ ᠡᠰᠡᠷᠭᠦᠴᠡᠬᠦ ᠵᠣᠬᠢᠴᠠᠭᠤᠯᠬᠤ ᠰᠠᠯᠠᠭᠠᠨ ᠤ ᠳᠠᠷᠤᠭ᠎ᠠ ᠯᠢᠦ ᠶᠠᠨ ᠹᠦ᠋ ᠶᠢ ᠤᠷᠢᠵᠤ᠂ ᠲᠣᠰ ᠲᠣᠰ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠪᠣᠯᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠵᠢᠯᠣᠭᠤᠳᠣᠯᠭ᠎ᠠ ᠬᠢᠯᠭᠡᠪᠡ᠃      ᠱᠠᠨ ᠰᠢᠤᠸᠠᠢ ᠭᠠᠩ ᠣᠳᠣᠬᠠᠨ ᠤ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠬᠤ᠂ ᠠᠷᠪᠠᠨ ᠳ᠋ᠦᠩᠰᠢᠭᠤᠷ ᠰᠦᠯᠵᠢᠶᠡᠨ ᠤ ᠠᠨᠳᠠ ᠨᠠᠷ ᠤᠨ ᠪᠦᠬᠦ ᠠᠷᠠᠳ ᠢ ᠤᠯᠠᠮᠵᠢᠯᠠᠬᠤ ᠴᠠᠭ ᠦᠶ᠎ᠡ᠂ ᠬᠠᠮ ᠵᠠᠭᠤᠴᠢᠯᠠᠭᠤᠷ ᠤᠨ ᠮᠡᠳᠡᠭᠡ ᠵᠠᠩᠭᠢ ᠨᠡᠶᠢᠲᠡᠯᠡᠬᠦ ᠪᠠ ᠵᠠᠭᠤᠴᠢᠯᠠᠭᠤᠷ ᠤᠨ ᠨᠡᠪᠲᠡᠷᠡᠯᠴᠡᠭᠡ ᠵᠢᠴᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠣᠶᠢᠯᠠᠭᠠᠭᠳᠠᠬᠤᠨ ᠪᠠ ᠠᠷᠭ᠎ᠠ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠡᠶ᠂ ᠲᠡᠷᠡ ᠶᠡᠭᠡ ᠬᠡᠮᠵᠢᠶᠡᠨ ᠤ ᠠᠮᠢᠳᠤᠯᠢᠭ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠ ᠲᠤᠭ᠎ᠠ ᠪᠠᠷᠢᠮᠲᠠ ᠶᠢᠨ ᠲᠤᠯᠭᠠᠭᠤᠷᠢᠯᠠᠯ ᠢᠶᠠᠷ ᠳᠠᠮᠵᠢᠭᠤᠯᠤᠨ᠂ ᠪᠢᠳᠡᠨ ᠤ ᠦᠵᠡᠯ ᠤᠬᠠᠮᠰᠠᠷ ᠤᠨ ᠬᠡᠯᠪᠡᠷᠢ ᠶᠢᠨ ᠥᠷᠢᠰᠥᠯᠳᠦᠭᠡᠨ ᠢ ᠪᠦᠲᠦᠮᠵᠢᠲᠡᠶ ᠠᠷᠭᠠᠴᠠᠭᠠᠬᠤ᠂ ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠳᠤ ᠡᠷᠬᠢᠮ ᠨᠠᠨᠳᠢᠨ ᠦᠵᠡᠯ ᠰᠠᠨᠠᠭ᠎ᠠ ᠪᠠ ᠠᠷᠭ᠎ᠠ ᠪᠠᠷᠢᠯ ᠬᠠᠩᠭᠠᠭᠰᠠᠨ ᠪᠠᠶᠢᠨ᠎ᠠ᠃      ᠯᠢᠦ ᠶᠠᠨ ᠹᠦ᠋ ︽ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠥᠨᠳᠥᠷ ᠵᠣᠭᠰᠣᠴᠠ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ︾ ᠭᠡᠬᠦ ᠭᠤᠣᠯ ᠰᠡᠳᠦᠪ ᠤᠨ ᠲᠣᠭᠤᠷᠢᠨ ᠳᠤ᠂ ᠭᠠᠵᠢᠭᠤ ᠨᠣᠮᠯᠠᠯ ᠤᠨ ᠣᠨᠴᠠᠯᠢᠭ᠂ ᠬᠤᠣᠷ ᠬᠥᠨᠥᠭᠡᠯ ᠵᠢᠴᠢ ᠳᠠᠮᠵᠢᠭᠤᠯᠬᠤ ᠠᠷᠭ᠎ᠠ ᠪᠠᠷᠢᠯ ᠢ ᠨᠠᠷᠢᠨ ᠲᠣᠳᠣᠷᠬᠠᠢ ᠥᠭᠦᠯᠡᠭᠰᠡᠨ ᠪᠥᠭᠡᠳ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠢ ᠬᠡᠷᠬᠢᠨ ᠴᠢᠩᠭᠠᠳᠬᠠᠬᠤ᠂ ᠤᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ᠂ ᠰᠡᠷᠭᠡᠶᠢᠯᠡᠬᠦ ᠪᠠ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠪᠣᠳᠠᠲᠠᠢ ᠰᠠᠨᠠᠭᠤᠯᠭ᠎ᠠ ᠳᠤᠷᠠᠳᠴᠤ᠂ ᠬᠤᠷᠠᠯ ᠳᠤ ᠣᠷᠣᠯᠴᠠᠭᠰᠠᠳ ᠲᠤ ᠭᠠᠵᠢᠭᠤ ᠨᠣᠮᠯᠠᠯ ᠤᠨ ᠬᠤᠣᠷ ᠬᠥᠨᠥᠭᠡᠯ ᠢ ᠭᠦᠨᠵᠡᠭᠡᠢ ᠲᠠᠨᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠰᠠᠶᠢᠲᠤᠷ ᠬᠢᠬᠦ ᠤᠬᠠᠮᠰᠠᠷ ᠪᠠ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃      ᠬᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠬᠤ ᠠᠭᠤᠯᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠬᠤᠪᠢᠷᠠᠭᠤᠯᠬᠤ ᠶᠢ ᠠᠬᠢᠭᠤᠯᠵᠤ᠂ ᠬᠠᠶᠢᠨᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠣᠯᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号