ᠬᠠᠶᠢᠨᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/14
      8 ᠰᠠᠷ᠎ᠠ ᠶᠢᠨ 8 ᠤ ᠡᠳᠦᠷ᠂ ᠬᠠᠶᠢᠨᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 10 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠠᠨ ᠵᠢᠶᠦ᠋ᠨ ᠨᠥᠬᠦᠷ ᠬᠤᠷᠠᠯ ᠢ ᠡᠷᠭᠢᠯᠡᠵᠦ᠂ ᠲᠣᠪᠴᠢᠶ᠎ᠠ ᠶᠢᠨ ᠪᠥᠬᠦ ᠬᠥᠮᠦᠰ ᠬᠤᠷᠠᠯ ᠳᠤ ᠣᠷᠣᠯᠴᠠᠵᠠᠶ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ︽ᠦᠨᠡᠨ︾ ᠰᠡᠳᠬᠦᠯ ᠤᠨ ︽ᠰᠣᠶᠣᠯ ᠤᠨ ᠥᠪ ᠢ ᠬᠠᠮᠠᠭᠠᠯᠠᠨ ᠪᠠᠳᠠᠷᠠᠭᠤᠯᠬᠤ ᠶᠢ ᠴᠢᠩᠭᠠᠳᠬᠠᠵᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠤᠶ᠎ᠠ︾ ᠭᠡᠬᠦ ᠵᠤᠬᠢᠶᠠᠯ ᠢ ᠰᠤᠷᠤᠯᠴᠠᠵᠤ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ - ᠰᠣᠶᠣᠯ ᠤᠨ ᠦᠵᠡᠯ ᠰᠠᠨᠠᠭ᠎ᠠ︾᠂ ︽ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠶᠢ ᠤᠯᠠᠮᠵᠢᠯᠠᠨ ᠰᠤᠷᠤᠯᠴᠠᠵᠤ᠂  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ︽2024 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠠᠵᠢᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠦᠯᠦᠯᠲᠡ︾ ᠵᠡᠷᠭᠡ ᠠᠭᠤᠯᠭ᠎ᠠ ᠶᠢ ᠪᠢᠴᠢᠭ ᠢᠶᠠᠷ ᠤᠯᠠᠮᠵᠢᠯᠠᠪᠠ᠃      ᠬᠤᠷᠠᠯ ᠠᠴᠠ᠂ ᠨᠢᠭᠡ ᠳᠤ᠂ ᠪᠦᠬᠦ ᠬᠢᠨᠠᠨ ᠪᠤᠳᠤᠬᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠪᠦᠷᠢᠯᠳᠦᠯ᠂ ᠬᠥᠭᠵᠢᠯᠲᠡ ᠪᠣᠯᠤᠨ ᠰᠢᠰᠲ᠋ᠧᠮᠵᠢᠭᠰᠡᠨ ᠦᠷ᠎ᠡ ᠪᠦᠲᠦᠭᠡᠯ ᠢ ᠰᠢᠰᠲ᠋ᠧᠮ ᠲᠠᠢ ᠭᠦᠨᠵᠡᠭᠡᠢ ᠰᠤᠷᠤᠯᠴᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠤᠨ ᠢᠲᠡᠭᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠶᠡᠷᠦᠩᠬᠡᠢ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠨᠠᠮ ᠤᠨ ᠬᠢᠨᠠᠨ ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠠᠵᠤ ᠠᠬᠤᠢ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠂ ᠠᠷᠠᠳ ᠤᠨ ᠠᠮᠢᠳᠤᠷᠠᠯ ᠤᠨ ᠬᠦᠷᠢᠶ᠎ᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠢᠨᠠᠨ ᠪᠤᠳᠤᠵᠤ ᠢᠯᠡᠷᠡᠭᠦᠯᠦᠭᠰᠡᠨ ᠠᠰᠠᠭᠤᠳᠠᠯ ᠤᠨ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠤᠬᠴᠠᠵᠢᠭᠤᠯᠤᠨ ᠠᠬᠢᠭᠤᠯᠵᠤ᠂ ᠬᠠᠮᠢᠶᠠᠷᠤᠯᠲᠠ ᠶᠢ ᠵᠢᠷᠤᠮᠵᠢᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠢᠨᠠᠨ ᠪᠤᠳᠤᠬᠤ ᠬᠢᠨᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号