2024 ᠣᠨ ᠤ 8 ᠰᠠᠷ᠎ᠠ ᠶᠢᠨ 13 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/8/14
      ᠪᠠᠢ ᠴᠦᠨ ᠯᠧᠢ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠱᠢ ᠯᠢ ᠴᠢᠶᠠᠩ᠄  ᠶᠤᠸᠠᠨ ᠲᠦᠩ ᠺᠣᠮᠫᠠᠨᠢ ᠲᠠᠢ ᠵᠣᠯᠭᠠᠭᠤᠯᠬᠤ ᠠᠵᠢᠯ᠂ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠤᠰᠬᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠦᠳᠡ ᠶᠢᠨ ᠬᠤᠶᠢᠨ᠎ᠠ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠯᠴᠠᠪᠠ᠃      ᠰᠢᠤ ᠹᠠᠩ᠄  ᠷᠦ᠋ ᠢ ᠵᠢᠶᠦ᠋ᠨ ᠠᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠤᠨ ᠷᠠᠰᠠᠩ ᠰᠦᠮ᠎ᠡ ᠶᠢᠨ ᠲᠡᠮᠦᠷ ᠵᠠᠮ ᠤᠨ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠠᠶᠢᠭᠤᠯᠵᠤ᠂ ᠦᠳᠡ ᠶᠢᠨ ᠬᠤᠶᠢᠨ᠎ᠠ ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠳᠤ ᠣᠷᠣᠯᠴᠠᠪᠠ᠃      ᠴᠧᠨ ᠬᠠᠢ ᠰᠢᠶᠤᠤ᠄  ᠢᠦᠢ ᠱᠦᠵᠢ ᠳᠤ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠠᠵᠢᠯ ᠢ ᠬᠠᠷᠢᠭᠤ ᠮᠡᠳᠡᠭᠦᠯᠵᠦ᠂ ᠬᠠᠶᠢᠨᠠᠨ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠢᠭᠡᠴᠢ ᠶᠢᠨ ᠨᠠᠷᠢᠨ ᠲᠥᠯᠥᠪᠵᠢᠭᠦᠯᠭᠡ ᠶᠢᠨ ᠠᠩᠬ᠎ᠠ ᠠᠯᠬᠤᠮ ᠤᠨ ᠲᠥᠰᠦᠯ ᠤᠨ ᠰᠠᠨᠠᠯ ᠬᠤᠷᠢᠶᠠᠬᠤ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠦᠳᠡ ᠶᠢᠨ ᠬᠤᠶᠢᠨ᠎ᠠ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠯᠢᠦ ᠵᠢᠶᠠᠨ ᠫᠢᠩ᠄  ᠤᠨᠤᠯ ᠤᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃      ᠯᠢᠦ ᠲᠢᠶᠠᠨ ᠴᠢᠩ᠄ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠶᠢ ᠵᠣᠯᠭᠠᠭᠤᠯᠬᠤ ᠬᠤᠷᠠᠯ ᠳᠤ  ᠣᠷᠣᠯᠴᠠᠪᠠ᠃      ᠸᠠᠩ ᠶᠦᠩ ᠱᠧᠩ᠄  ᠬᠠᠶᠢᠨᠠᠨ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠤᠨ ᠲᠤᠰᠬᠠᠶ ᠠᠩᠭᠢ ᠶᠢᠨ 24 ᠳ᠋ᠦ᠋ᠭᠡᠷ ᠤᠳᠠᠭᠠᠨ ᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠣᠭᠤᠯᠪᠠ᠃      ᠵᠠᠩ ᠨᠢᠩ ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠭᠤᠤ ᠵᠧᠨ ᠭᠠᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号