ᠬᠠᠶᠢᠨᠠᠨ ᠲᠣᠭᠤᠷᠢᠭ᠄ ︽ᠭᠤᠷᠪᠠᠨ ᠤᠳᠤᠷᠢᠳᠤᠮᠵᠢ︾ ᠶᠢ ᠪᠠᠲᠤ ᠪᠣᠶ ᠪᠣᠯᠭᠠᠵᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠪᠠ
ᠨᠡᠶᠢᠲᠡᠯᠡᠭᠰᠡᠨ ᠴᠠᠭ᠄
2024/8/14
      ᠤᠢᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠠᠵᠢᠯ ᠦᠢᠯᠡᠰ ᠢᠶᠠᠷ ᠲᠠᠯ᠎ᠠ ᠪᠠᠷ᠂ ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ︽ᠭᠤᠷᠪᠠᠨ ᠤᠳᠤᠷᠢᠳᠤᠮᠵᠢ︾ ᠶᠢ ᠢᠯᠡ ᠲᠣᠳᠣ ᠪᠤᠢ ᠪᠣᠯᠭᠠᠵᠤ᠂ ᠺᠠᠳ᠋ᠷᠴᠤᠳ ᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠯ᠎ᠠ ᠪᠠᠷ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ ᠡᠭᠦᠳᠴᠦ᠂ ᠢᠳᠡᠪᠬᠢᠲᠡᠢ ᠠᠵᠢᠯᠯᠠᠬᠤ ᠶᠢ ᠲᠠᠰᠤᠷᠠᠯᠳᠠ ᠦᠭᠡᠢ ᠵᠣᠷᠢᠭᠵᠢᠭᠤᠯᠪᠠ᠃      ︽ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ︾ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠬᠠᠶᠢᠨᠠᠨ ᠲᠣᠭᠤᠷᠢᠭ ᠤᠨ ᠬᠢᠨ ︽ᠳᠥᠷᠪᠡ ᠶᠢ ᠰᠢᠯᠢᠨ ᠰᠣᠩᠭᠤᠬᠤ ᠶᠢ ᠴᠢᠬᠤᠯᠠᠴᠢᠯᠠᠬᠤ᠂ ᠳᠥᠷᠪᠡ ᠶᠢ ᠡᠷᠡᠰ ᠬᠡᠷᠡᠭᠯᠡᠬᠦ︾ ᠺᠠᠳ᠋ᠷ ᠢ ᠰᠣᠩᠭᠤᠨ ᠬᠡᠷᠡᠭᠯᠡᠬᠦ ᠪᠠᠷᠢᠮᠵᠢᠶ᠎ᠠ ᠶᠢ ᠪᠠᠷᠢᠮᠲᠠᠯᠠᠵᠤ᠂ ︽ᠳᠥᠷᠪᠡᠨ ᠵᠠᠪᠠᠯ ᠶᠠᠷᠢᠯᠴᠠᠬᠤ︾᠂ ᠤᠳᠤᠷᠢᠳᠬᠤ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠤᠨ ᠬᠢᠨᠠᠨ ᠲᠣᠭᠲᠠᠭᠠᠯᠲᠠ᠂ ︽ᠵᠢᠷᠭᠤᠭᠠᠨ ᠵᠠᠪᠠᠯ ᠶᠠᠷᠢᠯᠴᠠᠬᠤ︾᠂ ᠤᠯᠤᠰ ᠲᠥᠷᠥ ᠶᠢᠨ ᠣᠨᠣᠯ ᠤᠨ ᠰᠢᠯᠭᠠᠯᠲᠠ᠂ ᠤᠯᠤᠰ ᠲᠥᠷᠥ ᠶᠢᠨ ᠢᠯᠡ ᠠᠮᠠᠯᠠᠯᠲᠠ ᠬᠢᠬᠦ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ︽ᠺᠠᠳ᠋ᠷ ᠤᠨ ᠤᠯᠤᠰ ᠲᠥᠷᠥ ᠶᠢᠨ ᠬᠢᠨᠠᠨ ᠲᠣᠭᠲᠠᠭᠠᠯᠲᠠ ᠶᠢᠨ ᠮᠠᠲ᠋ᠧᠷᠢᠶᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠯ ᠤᠨ ᠬᠤᠤᠰ ᠭᠠᠷ ᠤᠨ ᠥᠰᠥᠭ ᠵᠢᠷᠤᠬᠤ ᠠᠵᠢᠯ ᠤᠨ ᠵᠢᠷᠤᠮᠵᠢᠯ︾ ᠢ ᠲᠣᠭᠲᠠᠭᠠᠵᠤ᠂ ᠺᠠᠳ᠋ᠷ ᠤᠨ ᠠᠵᠢᠯ ᠤᠨ ᠪᠣᠳᠠᠲᠤ ᠠᠮᠵᠢᠯᠲᠠ ᠪᠦᠲᠦᠮᠵᠢ᠂ ᠬᠥᠬᠢᠭᠦᠯᠦᠨ ᠱᠠᠩᠨᠠᠬᠤ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠡᠯ᠎ᠡ ᠲᠠᠯ᠎ᠠ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠴᠤᠭᠯᠠᠭᠤᠯᠵᠤ᠂ ᠺᠠᠳ᠋ᠷ ᠤᠨ ᠤᠯᠤᠰ ᠲᠥᠷᠥ ᠶᠢᠨ ᠬᠡᠪ ᠴᠢᠨᠠᠷ ᠤᠨ ᠲᠠᠩᠰᠠ ᠡᠪᠬᠡᠮᠡᠯ ᠪᠠᠶᠢᠭᠤᠯᠵᠤ᠂ ᠤᠯᠤᠰ ᠲᠥᠷᠥ ᠶᠢᠨ ᠲᠠᠯ᠎ᠠ ᠪᠠᠷ ᠬᠢᠷᠢ ᠲᠡᠩᠴᠡᠬᠦ ᠥᠬᠡᠶ ᠬᠥᠮᠦᠨ ᠢ ᠡᠷᠡᠰ ᠬᠤᠷᠢᠭᠯᠠᠬᠤ ᠬᠡᠷᠡᠭᠲᠡᠶ᠃      ︽ᠲᠠᠪᠱᠢᠵᠤ ᠪᠣᠯᠬᠤ ᠮᠥᠷᠲᠡᠭᠡᠨ ᠪᠠᠭᠤᠵᠤ ᠪᠣᠯᠬᠤ︾ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠣᠢ ᠪᠣᠯᠭᠠᠨ᠎ᠠ᠃ ᠬᠠᠶᠢᠨᠠᠨ ᠲᠣᠭᠤᠷᠢᠭ ᠤᠨ ᠬᠢᠨ ᠨᠠᠮ ᠤᠨ ᠲᠥᠪ ᠬᠤᠷᠢᠶᠠᠨ ᠤ ︽ᠤᠳᠤᠷᠢᠳᠬᠤ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠬᠤ ᠲᠣᠭᠲᠠᠭᠠᠯ︾ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠤᠳᠤᠷᠢᠳᠬᠤ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠬᠤ ᠨᠠᠷᠢᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠪᠣᠳᠠᠲᠤ ᠠᠮᠵᠢᠯᠲᠠ ᠶᠢ ᠴᠢᠬᠤᠯᠠᠴᠢᠯᠠᠭᠰᠠᠨ᠂ ᠪᠣᠳᠠᠲᠠᠢ ᠠᠵᠢᠯᠯᠠᠬᠤ ᠶᠢ ᠴᠢᠬᠤᠯᠠᠴᠢᠯᠠᠭᠰᠠᠨ᠂ ᠡᠭᠦᠷᠭᠡᠯᠡᠯ ᠢ ᠴᠢᠬᠤᠯᠠᠴᠢᠯᠠᠬᠤ ᠶᠢ ᠲᠤᠪᠤᠶᠢᠯᠭᠠᠵᠦ᠂ ︽ᠡᠩ ᠤᠨ ᠦᠶ᠎ᠡ ᠳᠤ ᠦᠵᠡᠵᠦ ᠭᠠᠷᠬᠤ᠂ ᠵᠠᠩᠭᠢᠯᠠᠭ᠎ᠠ ᠶᠢᠨ ᠦᠶ᠎ᠡ ᠳᠤ ᠬᠠᠷᠢᠭᠤᠴᠠᠯᠭ᠎ᠠ ᠨᠡᠬᠡᠮᠵᠢᠯᠡᠬᠦ᠂ ᠠᠶᠤᠯ ᠲᠦᠭᠰᠢᠭᠦᠷᠢ ᠲᠠᠢ ᠦᠶ᠎ᠡ ᠳᠤ ᠠᠮᠢ ᠴᠦᠯᠡᠨ ᠲᠡᠮᠡᠴᠡᠬᠦ ᠶᠢ ᠴᠢᠬᠤᠯᠠᠴᠢᠯᠠᠬᠤ︾ ᠺᠠᠳ᠋ᠷ ᠢ ᠰᠣᠩᠭᠤᠨ ᠬᠡᠷᠡᠭᠯᠡᠬᠦ ᠶᠢ ᠴᠢᠬᠤᠯᠠᠴᠢᠯᠠᠵᠤ᠂ ︽ᠰᠡᠳᠬᠢᠯ ᠰᠠᠨᠠᠭ᠎ᠠ ᠪᠤᠷᠬᠠᠨ ᠤ ᠤᠳᠤᠮ᠂ ᠠᠵᠢᠯ ᠤᠨ ᠬᠡᠪ᠂ ᠪᠠᠶᠢᠳᠠᠯ ᠮᠠᠭᠤ︾ ᠺᠠᠳ᠋ᠷ ᠢ ᠡᠷᠡᠰ ᠲᠤᠬᠢᠷᠠᠭᠤᠯᠤᠨ ᠬᠡᠷᠡᠭᠯᠡᠨ᠎ᠡ᠃ 2023 ᠣᠨ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠢ ᠪᠠᠷ ᠠᠵᠢᠯᠯᠠᠬᠤ 31 ᠺᠠᠳ᠋ᠷ ᠴᠢᠬᠤᠯᠠ ᠤᠳᠤᠷᠢᠳᠬᠤ ᠠᠵᠢᠯ ᠤᠨ ᠪᠠᠶᠢᠷᠢ ᠳᠤ ᠭᠠᠷᠪᠠ︔ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠳᠡᠪᠰᠢᠭᠦᠯᠦᠭᠰᠡᠨ᠂ ᠪᠣᠳᠠᠲᠤ ᠪᠦᠲᠦᠮᠵᠢ ᠪᠠᠷ ᠲᠤᠪᠤᠶᠢᠮ᠎ᠠ 94 ᠺᠠᠳ᠋ᠷ ᠺᠠᠳ᠋ᠷ ᠤᠨ ᠶᠡᠷᠦᠩᠬᠡᠢ ᠲᠣᠭᠠᠨ ᠤ 54% ᠶᠢ ᠡᠵᠡᠯᠡᠵᠦ᠂ ᠤᠳᠤ ᠶᠢᠨ ᠲᠤᠰᠢᠶᠠᠯ ᠡᠭᠦᠷᠭᠡᠯᠡᠬᠦ ᠳᠤ ᠲᠣᠬᠢᠷᠠᠬᠤ ᠦᠭᠡᠢ ᠤᠳᠤᠷᠢᠳᠬᠤ ᠺᠠᠳ᠋ᠷ ᠢ ᠡᠷᠡᠰ ᠲᠣᠬᠢᠷᠠᠭᠤᠯᠵᠤ᠂ ︽ᠴᠢᠳᠠᠪᠤᠷᠢ ᠲᠠᠢ ᠪᠣᠯ ᠳᠡᠪᠰᠢᠵᠦ᠂ ᠰᠢᠯᠢᠳᠡᠭ ᠢ ᠨᠢ ᠱᠠᠩᠨᠠᠵᠤ᠂ ᠰᠢᠭᠠᠷᠤ ᠶᠢ ᠨᠢ ᠰᠢᠭᠰᠢᠭᠳᠡᠭᠦᠯᠬᠦ︾ ᠤᠳᠤᠷᠢᠳᠤᠮᠵᠢ ᠶᠢ ᠨᠡᠩ ᠢᠯᠡ ᠲᠣᠳᠣ ᠪᠣᠯᠭᠠᠪᠠ᠃      ︽ᠰᠤᠷᠲᠠᠯ ᠴᠢᠬᠡᠴᠢ ᠣᠪᠣᠷ ᠲᠥᠪ ᠪᠠᠶᠢᠬᠤ︾ ᠬᠥᠮᠦᠨ ᠬᠡᠷᠡᠭᠯᠡᠬᠦ ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠬᠠᠶᠢᠨᠠᠨ ᠲᠤᠭᠤᠷᠢᠭ ︽ᠴᠢᠳᠠᠪᠤᠷᠢ ᠪᠣᠳᠠᠲᠤ ᠠᠮᠵᠢᠯᠲᠠ︾ ᠶᠢ ᠬᠥᠮᠦᠨ ᠰᠣᠩᠭᠤᠵᠤ ᠬᠥᠮᠦᠨ ᠬᠡᠷᠡᠭᠯᠡᠬᠦ ᠪᠦᠬᠦ ᠶᠠᠪᠤᠴᠠ ᠳᠤ ᠲᠤᠤᠱᠯᠠᠭᠤᠯᠵᠤ᠂ ᠢᠯᠠᠩᠭᠤᠶ᠎ᠠ ᠺᠠᠳ᠋ᠷ ᠢ ᠰᠢᠯᠭᠠᠨ ᠪᠠᠶᠢᠴᠠᠭᠠᠬᠤ ᠶᠠᠪᠤᠴᠠ ᠳᠤ᠂ ᠬᠥᠮᠦᠨ ᠰᠢᠯᠭᠠᠬᠤ ᠪᠠ ᠬᠡᠷᠡᠭ ᠶᠠᠪᠤᠳᠠᠯ ᠢ ᠰᠢᠯᠭᠠᠬᠤ ᠶᠢ ᠤᠶᠠᠯᠳᠤᠭᠤᠯᠬᠤ᠂ ᠦᠭᠡ ᠶᠠᠷᠢᠬᠤ ᠪᠠ ᠲᠡᠭᠦᠨ ᠢ ᠠᠵᠢᠭᠯᠠᠬᠤ ᠶᠢ ᠤᠶᠠᠯᠳᠤᠭᠤᠯᠬᠤ᠂ ︽ᠠᠮᠵᠢᠯᠲᠠ ᠪᠦᠲᠦᠮᠵᠢ︾ ᠶᠢ ᠦᠵᠡᠬᠦ ᠪᠠ ︽ᠳᠠᠯᠳᠠ ᠠᠮᠵᠢᠯᠲᠠ︾ ᠶᠢ ᠪᠠᠶᠢᠴᠠᠭᠠᠬᠤ ᠶᠢ ᠤᠶᠠᠯᠳᠤᠭᠤᠯᠬᠤ᠂ ᠣᠯᠠᠨ ᠳᠡᠰ ᠳᠠᠪᠬᠤᠷᠭ᠎ᠠ᠂ ᠣᠯᠠᠨ ᠲᠠᠯ᠎ᠠ ᠶᠢᠨ᠂ ᠣᠯᠠᠨ ᠠᠷᠭ᠎ᠠ ᠵᠠᠮ᠂ ᠣᠯᠠᠨ ᠬᠠᠷᠠᠭᠠᠰᠤ ᠠᠴᠠ ᠺᠠᠳ᠋ᠷ ᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠶᠢᠨ ᠪᠣᠳᠠᠲᠤ ᠢᠯᠡᠷᠡᠯ ᠢ ᠰᠢᠯᠭᠠᠨ ᠪᠠᠶᠢᠴᠠᠭᠠᠵᠤ ᠢᠯᠭᠠᠨ ᠲᠠᠨᠢᠬᠤ᠂ ᠲᠥᠪ ᠴᠢᠬᠡᠴᠢ ᠬᠡᠪ ᠰᠤᠷᠲᠠᠯ ᠲᠠᠢ ᠤᠯᠤᠰ ᠲᠥᠷᠦ ᠶᠢᠨ ᠰᠠᠶᠢᠨ ᠰᠠᠶᠢᠬᠠᠨ ᠠᠮᠢ ᠠᠬᠤᠶ ᠶᠢ ᠡᠷᠡᠰ ᠲᠠᠪᠴᠢᠨ᠂ ᠴᠢᠩᠭ᠎ᠠ ᠴᠣᠬᠢᠯᠲᠠ ᠥᠭᠴᠦ᠂ ᠰᠣᠩᠭᠤᠨ ᠭᠠᠷᠭᠠᠭᠰᠠᠨ ᠺᠠᠳ᠋ᠷ ᠤᠨ ᠤᠯᠤᠰ ᠲᠥᠷᠦ ᠶᠢᠨ ᠬᠡᠪ ᠴᠢᠨᠠᠷ ᠰᠠᠶᠢᠨ᠂ ᠠᠵᠢᠯ ᠤᠨ ᠪᠣᠳᠠᠲᠤ ᠠᠮᠵᠢᠯᠲᠠ ᠴᠢᠩᠭ᠎ᠠ᠂ ᠣᠯᠠᠨ ᠲᠦᠮᠡᠨ ᠤ ᠬᠦᠯᠢᠶᠡᠨ ᠵᠦᠪᠰᠢᠶᠡᠷᠡᠬᠦ ᠬᠡᠮᠵᠢᠶ᠎ᠡ ᠥᠨᠳᠥᠷ ᠪᠠᠶᠢᠬᠤ ᠶᠢ ᠦᠨᠡᠨᠬᠦ ᠪᠠᠲᠤᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号