ᠢᠦᠶ ᡁᠢ ᠶᠦᠩ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/15
      8 ᠰᠠᠷ᠎ᠠ ᠶᠢᠨ 14 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠴᠧᠨ ᠬᠠᠢ ᠰᠢᠶᠤᠤ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᡁᠢ ᠶᠦᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠᠷ ᠳᠡᠮᠵᠢᠨ᠂ ᠵᠧᠩ ᠸᠧᠶ ᠠᠭᠤᠷᠬᠠᠶ ᠶᠢᠨ ᠦᠢᠯᠡᠰ ᠤᠨ ᠡᠷᠬᠢᠨ ᠲᠣᠭᠤᠷᠢᠨ ᠤ ᠭᠠᠵᠠᠷ ᠰᠢᠨᠵᠢᠯᠡᠭᠡᠨ ᠤ ᠰᠡᠷᠭᠦᠭᠡᠯᠲᠡ ᠶᠢᠨ ᠪᠠᠶᠢᠳᠠᠯ᠂ ᠾᠸᠢ ᠯᠦᠩ ᠬᠦᠶ ᠭᠸᠤ ᠶᠢᠨ ᠳᠣᠤᠷᠠᠳᠤ ᠤᠷᠤᠰᠬᠠᠯ ᠤᠨ ᠨᠤᠲᠤᠭ ᠪᠡᠯᠴᠢᠭᠡᠷ ᠤᠨ ᠱᠦᠢᠨᠢ ᠶᠢᠨ ᠦᠢᠯᠡᠳᠪᠦᠷᠢ ᠶᠢᠨ ᠣᠶᠢᠷ᠎ᠠ ᠬᠠᠪᠢ ᠶᠢᠨ ᠣᠷᠣᠨ ᠪᠦᠰᠡ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠠᠶᠢᠳᠠᠯ᠂ ᠯᠤᠭᠰᠢᠭᠤᠨ ᠨᠡᠭᠦᠷᠡᠰᠦᠨ ᠠᠭᠤᠷᠬᠠᠶ ᠶᠢᠨ ᠨᠢᠭᠡᠳᠦᠭᠡᠷ᠂ ᠬᠤᠶᠠᠳᠤᠭᠠᠷ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠠᠮᠢ ᠠᠬᠤᠶ ᠶᠢ ᠵᠠᠰᠠᠨ ᠰᠡᠷᠭᠦᠭᠡᠭᠰᠡᠨ ᠪᠠᠶᠢᠳᠠᠯ᠂ ᠦᠵᠦᠬᠦᠷ ᠤᠨ ᠭᠤᠤᠯ ᠤᠨ ᠵᠠᠮ ᠢ ᠵᠠᠰᠠᠭᠰᠠᠨ ᠵᠢᠴᠢ ᠸᠠᠨ ᠶᠤᠸᠠᠨ ᠮᠠᠯᠲᠠᠭᠰᠠᠨ ᠨᠦᠬᠡ ᠶᠢ ᠪᠥᠭᠯᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠵᠤ᠂ ᠴᠢᠨᠠᠷ ᠰᠠᠶᠢᠲᠠᠢ ᠠᠮᠢᠳᠤᠷᠠᠯ ᠲᠠᠢ ᠬᠤᠯᠪᠣᠭᠳᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠮᠢ ᠠᠬᠤᠶ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠠᠨ ᠤ ᠲᠤᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠲᠠᠢ ᠬᠠᠷᠭᠤᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠵᠠᠰᠠᠬᠤ ᠡᠭᠦᠷᠭᠡ᠂ ᠬᠦᠷᠢᠶ᠎ᠡ ᠬᠡᠪᠴᠢᠶ᠎ᠡ ᠪᠣᠯᠤᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠨᠠᠭᠰᠢᠳᠠ ᠲᠣᠳᠣᠷᠬᠠᠶᠢᠯᠠᠵᠤ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠳ᠋ᠤᠭᠠᠷ ᠢ ᠨᠢ ᠬᠠᠰᠤᠬᠤ ᠶᠢ ᠪᠠᠲᠤᠯᠠᠬᠤ ᠬᠡᠷᠡᠭᠲᠡᠢ᠃      ᠢᠦᠶ ᡁᠢ ᠶᠦᠩ ᠪᠠᠰᠠ X166 ᠴᠢ ᠫᠠᠨ ᠵᠢᠩ ᠬᠠᠶᠢᠨᠠᠨ ᠲᠣᠭᠤᠷᠢᠭ ᠤᠨ ᠵᠠᠰᠠᠮᠠᠯ ᠵᠠᠮ ᠤᠨ ᠬᠡᠰᠡᠭ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠬᠡᠷᠡᠭᠵᠢᠭᠦᠯᠬᠦ ᠨᠢ ᠮᠠᠨ ᠤ ᠲᠣᠭᠤᠷᠢᠭ ᠤᠨ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠳᠤ ᠢᠳᠡᠪᠬᠢᠲᠡᠶ ᠠᠬᠢᠭᠤᠯᠬᠤ ᠦᠢᠯᠡᠳᠦᠯ ᠲᠠᠢ ᠶᠤᠮ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠶᠣᠰᠣᠭᠠᠷ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠶᠢᠨ ᠬᠠᠮᠲᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠠᠷᠢᠯᠭ᠎ᠠ ᠪᠠᠷᠢᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ  ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号