ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/15
      8 ᠰᠠᠷ᠎ᠠ ᠶᠢᠨ 14 ᠤ ᠡᠳᠦᠷ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠤᠷᠠᠯ ᠢ ᠡᠷᠬᠢᠯᠡᠵᠦ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠤᠤ ᠸᠧᠢ ᠾᠧᠦ ᠪᠣᠯᠤᠨ ᠲᠣᠭᠤᠷᠢᠭ ᠤᠨ ᠤᠳᠤᠷᠢᠳᠤᠯᠭ᠎ᠠ ᠶᠣᠣ ᠷᠦᠩ ᠪᠢᠶᠤᠤ᠂ ᠱᠢ ᠯᠢ ᠴᠢᠶᠠᠩ᠂ ᠮᠠ ᠺᠠᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠢ ᠴᠦᠨ ᠯᠸᠢ᠂ ᠵᠤᠤ ᠸᠧᠢ ᠾᠧᠦ᠂ ᠱᠢ ᠯᠢ ᠴᠢᠶᠠᠩ᠂ ᠮᠠ ᠺᠠᠢ ᠪᠣᠯᠤᠨ ᠷᠠᠰᠠᠩ ᠰᠦᠮ᠎ᠡ ᠪᠠᠯᠭᠠᠰᠤᠨ ᠤ ᠭᠤᠣᠯ ᠬᠠᠷᠢᠭᠤᠴᠠᠯᠭᠠᠲᠠᠨ ᠨᠥᠬᠦᠳ ᠲᠡᠰ ᠳᠠᠷᠠᠭᠠᠯᠠᠨ ᠬᠠᠷᠢᠭᠤᠴᠠᠯᠭ᠎ᠠ ᠪᠠᠨ ᠲᠣᠭᠠᠴᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠦᠰᠦᠭ ᠪᠢᠴᠢᠭ ᠢᠶᠠᠷ ᠬᠠᠷᠢᠭᠤᠴᠠᠯᠭ᠎ᠠ ᠨᠡᠬᠡᠮᠵᠢᠯᠡᠭᠰᠡᠨ ᠦᠭᠡᠢ᠃ ᠬᠠᠷᠢᠭᠤᠴᠠᠯᠭ᠎ᠠ ᠲᠣᠭᠠᠴᠢᠭᠰᠠᠨ ᠤ ᠲᠠᠷᠠᠭ᠎ᠠ᠂ ᠢᠦᠢ ᡁᠢ ᠶᠦᠩ ᠶᠡᠷᠦᠩᠬᠡᠶᠢᠯᠡᠭᠰᠡᠨ ᠦᠨᠡᠯᠡᠯᠲᠡ ᠬᠢᠭᠰᠡᠨ ᠪᠥᠭᠡᠳ ᠬᠠᠮᠲᠤ ᠶᠢᠨ ᠶᠠᠷᠢᠯᠴᠠᠭ᠎ᠠ ᠥᠷᠨᠢᠭᠦᠯᠵᠡᠢ᠃      ᠢᠦᠢ ᡁᠢ ᠶᠦᠩ ᠬᠡᠯᠡᠭᠰᠡᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠦᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︽ᠰᠢᠯᠭᠠᠯᠲᠠ ᠳᠤ ᠣᠷᠣᠯᠴᠠᠬᠤ︾ ᠰᠡᠷᠭᠡᠭ ᠪᠥᠭᠡᠳ ᠡᠷᠡᠰ ᠪᠠᠲᠤ ᠪᠠᠶᠢᠬᠤ ᠶᠢ ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠰᠡᠨ᠂ ᠬᠡᠷᠡᠭᠵᠢᠭᠦᠯᠦᠯᠲᠡ ᠨᠢ ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠦᠨᠳᠦᠰᠦ ᠶᠢ ᠪᠠᠬᠢᠵᠢᠭᠦᠯᠬᠦ᠂ ᠤᠶᠤᠨ ᠰᠠᠨᠠᠭ᠎ᠠ ᠶᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠬᠦᠯᠵᠦ᠂ ᠤᠨᠢᠨ ᠳᠡᠭᠡᠷ᠎ᠡ ᠨᠢ ᠬᠦᠴᠦᠯᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ᠂ ᠪᠦᠲᠦᠮᠵᠢᠲᠡᠢ ᠪᠥᠭᠡᠳ ᠲᠤᠰᠠᠲᠠᠢ ᠲᠦᠷᠢᠮ ᠤᠨ ᠰᠢᠰᠲ᠋ᠧᠮ ᠢ ᠪᠦᠷᠢᠨᠰᠢᠬᠦᠯᠵᠤ᠂ ᠭᠤᠣᠯ ᠴᠣᠭᠴᠠ ᠲᠣᠳᠣᠷᠬᠠᠢ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠪᠦᠬᠦ ᠲᠣᠭᠤᠷᠢᠭ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠦᠢᠯᠡᠰ ᠤᠨ ᠪᠦᠬᠦ ᠲᠠᠯ᠎ᠠ ᠶᠢᠨ ᠲᠠᠪᠰᠢᠯᠳᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠦᠷ᠎ᠡ ᠪᠦᠲᠦᠮᠵᠢ ᠪᠠᠷ ᠠᠵᠢᠯ ᠤᠨ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠱᠠᠲᠤ ᠬᠤᠪᠢᠶᠠᠨ ᠰᠤᠭᠤᠴᠢᠨ ᠪᠠᠶᠢᠴᠠᠭᠠᠵᠤ ᠲᠤᠰᠢᠶᠠᠯ ᠤᠨ ᠮᠡᠳᠡᠭᠦᠯᠦᠯᠲᠡ ᠬᠢᠬᠦ ᠠᠵᠢᠯ ᠢ ᠲᠣᠰ ᠲᠣᠰ ᠥᠷᠨᠢᠭᠦᠯᠵᠦ᠂ ᠠᠰᠠᠭᠤᠳᠠᠯ ᠢ ᠭᠦᠨᠵᠡᠭᠡᠶ ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠳᠡᠭᠡᠳᠦ ᠱᠠᠲᠤᠨ ᠤ ᠡᠯ᠎ᠡ ᠲᠥᠷᠥᠯ ᠤᠨ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ︽ᠭᠤᠷᠪᠠᠨ ᠲᠤᠰᠬᠠᠶ ᠵᠦᠶ᠋ᠯ︾ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠲᠠᠢ ᠤᠶᠠᠯᠳᠤᠭᠤᠯᠵᠤ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠵᠠᠰᠠᠵᠤ ︽ᠨᠠᠷᠢᠯᠢᠭ ᠣᠨᠣᠴᠠᠲᠠᠶ ᠳᠦᠷᠰᠦ ᠵᠢᠷᠤᠬᠤ︾ ᠠᠰᠠᠭᠤᠳᠠᠯ ᠤᠨ ᠨᠠᠷᠢᠨ ᠲᠠᠩᠰᠠᠨ ᠳᠠᠬᠢ ᠠᠰᠠᠭᠤᠳᠠᠯ ᠢ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠵᠦᠶ᠋ᠯ ᠵᠤᠷᠪᠤᠰ ᠳᠠᠷᠠᠭᠠᠯᠠᠨ ᠵᠠᠳᠠᠯᠤᠨ ᠰᠤᠳᠤᠯᠵᠤ᠂ ᠴᠢᠭᠯᠡᠭᠦᠯᠬᠦ ᠴᠢᠨᠠᠷᠲᠠᠶ ᠪᠠᠷ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃ ᠡᠭᠦᠨ ᠤ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠳᠤᠮᠳᠠ ᠠᠴᠠ ᠨᠢᠭᠡ ᠪᠦᠯᠦᠭ ᠬᠡᠷᠡᠭᠵᠢᠭᠦᠯᠵᠦ ᠪᠣᠯᠬᠤ᠂ ᠬᠠᠲᠠᠭᠤᠷᠠᠭᠤᠯᠵᠤ ᠪᠣᠯᠬᠤ᠂ ᠳᠡᠯᠭᠡᠷᠡᠭᠦᠯᠵᠦ ᠪᠣᠯᠬᠤ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠳ᠋ᠦᠩᠨᠡᠨ ᠪᠣᠯᠪᠠᠰᠤᠷᠠᠭᠤᠯᠵᠤ᠂ ᠰᠢᠰᠲ᠋ᠧᠮᠲᠦ ᠴᠢᠨᠠᠷᠲᠠᠢ᠂ ᠨᠡᠶᠢᠳᠡᠮ ᠤᠨ ᠴᠢᠨᠠᠷᠲᠠᠢ᠂ ᠳᠠᠪᠲᠠᠬᠤ ᠴᠢᠨᠠᠷᠲᠠᠢ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠭᠤᠣᠯ ᠬᠠᠷᠢᠭᠤᠴᠠᠯᠭᠠᠲᠠᠨ ᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠪᠣᠯᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠬᠤᠪᠢᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠶᠢ ᠴᠢᠩᠭᠠᠳᠬᠠᠵᠤ᠂ ᠪᠦᠬᠦ ᠣᠷᠣᠨ ᠤ ᠳᠡᠭᠡᠳᠦ ᠲᠤᠤᠷᠠᠳᠤ ᠱᠠᠲᠤᠨ ᠤ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠦᠨᠡᠨᠬᠦ ᠬᠦᠳᠦᠯᠦᠨ ᠳᠠᠭᠠᠭᠤᠯᠵᠤ ᠲᠠᠶᠢᠴᠢᠯᠠᠵᠦ᠂ ᠬᠠᠷᠢᠭᠤᠴᠠᠯᠭ᠎ᠠ ᠪᠠᠨ ᠮᠡᠳᠡᠵᠦ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠶᠢ ᠰᠢᠯᠭᠠᠨ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号