ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠢᠭᠡᠳ ᠦᠬᠠᠢ ᠪᠠᠩᠬᠢ ᠶᠢᠨ ᠰᠠᠭᠤᠳᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/15
      8 ᠰᠠᠷ᠎ᠠ ᠶᠢᠨ 14 ᠤ ᠡᠳᠦᠷ᠂ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠦᠬᠠᠢ ᠪᠠᠩᠬᠢ ᠶᠢᠨ ᠶᠠᠷᠢᠯᠴᠠᠬᠤ ᠬᠤᠷᠠᠯ ᠬᠤᠷᠠᠯᠳᠤᠭᠤᠯᠬᠤ ᠶᠢᠨ ᠬᠠᠮᠲᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ ᠦᠬᠠᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠼᠦᠢ ᠬᠤᠩ ᠵᠢᠶᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠪᠠᠢ ᠴᠦᠨ ᠯᠸᠢ ᠬᠠᠶᠢᠨᠠᠨ ᠲᠣᠭᠤᠷᠢᠭ ᠢ ᠲᠥᠯᠥᠭᠡᠯᠡᠨ ᠦᠬᠠᠢ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠼᠦᠢ ᠬᠤᠩ ᠵᠢᠶᠧ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠦᠬᠠᠢ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠬᠠᠶᠢᠨᠠᠨ ᠲᠣᠭᠤᠷᠢᠭ ᠤᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠳᠤ᠂ ᠦᠬᠠᠶ ᠪᠠᠩᠬᠢ ᠬᠠᠶᠢᠨᠠᠨ ᠲᠣᠭᠤᠷᠢᠭ ᠯᠤᠭ᠎ᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠨ᠂ ᠴᠠᠭ ᠤᠨ ᠪᠡᠷᠬᠡ ᠶᠢ ᠬᠠᠮᠲᠤ ᠪᠠᠷ ᠳᠤᠭᠤᠯᠵᠤ᠂ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠤᠨ ᠪᠠᠯᠠ ᠲᠣᠬᠢᠷᠠᠭᠤᠯᠭ᠎ᠠ ᠶᠢ ᠭᠦᠢᠴᠡᠳ ᠬᠠᠩᠭᠠᠵᠤ᠂ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ ᠤᠨ ᠪᠠᠯᠠ ᠮᠥᠩᠭᠦ ᠶᠢᠨ ᠬᠡᠯᠬᠢᠶ᠎ᠡ ᠶᠢ ᠠᠮᠤᠷ ᠲᠦᠪᠰᠢᠨ ᠪᠦᠲᠦᠮᠵᠢᠲᠡᠶ ᠪᠠᠲᠤᠯᠠᠵᠤ᠂ ᠮᠥᠩᠭᠦᠨ ᠭᠦᠢᠯᠭᠡᠭᠡᠨ ᠤ ᠠᠮᠢ ᠠᠬᠤᠶ ᠶᠢᠨ ᠣᠷᠴᠢᠨ ᠲᠣᠭᠤᠷᠢᠨ ᠰᠠᠶᠢᠵᠢᠷᠠᠪᠠ᠃ ᠣᠳᠣᠬᠠᠨ ᠳᠤ᠂ ᠬᠠᠶᠢᠨᠠᠨ ᠲᠣᠭᠤᠷᠢᠭ ᠶᠠᠭ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠪᠠᠰᠠ ᠶᠡᠭᠡ ᠬᠡᠮᠵᠢᠶᠡᠨ ᠤ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠪᠠᠶᠢᠵᠤ᠂ ᠦᠬᠠᠢ ᠪᠠᠩᠬᠢ ᠲᠠᠢ ᠭᠦᠨᠵᠡᠭᠡᠢ ᠬᠠᠮᠲᠤᠷᠠᠯᠴᠠᠬᠤ ᠶᠢ ᠬᠦᠰᠡᠵᠦ ᠪᠠᠶᠢᠨ᠎ᠠ᠃ ᠦᠬᠠᠶ ᠪᠠᠩᠬᠢ ᠥᠩᠭᠡᠷᠡᠭᠰᠡᠨ ᠲᠠᠢ ᠪᠠᠨ ᠠᠳᠠᠯᠢ ᠪᠠᠷ ᠬᠠᠶᠢᠨᠠᠨ ᠲᠣᠭᠤᠷᠢᠭ ᠢ ᠳᠡᠮᠵᠢᠵᠦ᠂ ᠬᠠᠶᠢᠨᠠᠨ ᠢ ᠠᠩᠬᠠᠷᠴᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠣᠷᠣᠨ ᠤ ᠡᠯ᠎ᠡ ᠵᠦᠢᠯ ᠤᠨ ᠪᠠᠶᠢᠳᠠᠯ ᠢ ᠭᠦᠢᠴᠡᠳ ᠣᠶᠢᠯᠠᠭᠠᠵᠤ᠂ ᠵᠦᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠶᠢᠨᠠᠨ ᠲᠣᠭᠤᠷᠢᠭ ᠤᠨ ᠬᠡᠷᠡᠭᠯᠡᠭᠴᠢᠳ ᠤᠨ ᠬᠡᠷᠡᠭᠴᠡᠭᠡ ᠳᠤ ᠨᠡᠶᠢᠴᠡᠬᠦ ᠣᠨᠴᠠᠯᠢᠬᠵᠢᠭᠰᠠᠨ ᠡᠵᠡᠩᠨᠡᠯᠲᠡ ᠶᠢ ᠥᠷᠨᠢᠭᠦᠯᠵᠦ᠂ ᠬᠠᠶᠢᠨᠠᠨ ᠲᠣᠭᠤᠷᠢᠭ ᠤᠨ ᠪᠣᠳᠠᠲᠤ ᠴᠣᠭᠴᠠ ᠶᠢᠨ ᠠᠵᠤ ᠠᠬᠤᠢ ᠶᠢᠨ ︽ᠴᠢᠰᠤ ᠬᠦᠷᠭᠡᠵᠦ︾᠂ ᠵᠢᠵᠢᠭ ᠪᠢᠴᠢᠯ ᠠᠵᠤ ᠠᠬᠤᠶᠢᠯᠠᠯ ᠤᠨ ︽ᠳᠠᠭᠠᠷᠠᠭᠰᠠᠨ ᠬᠥᠮᠦᠨ ᠳᠤ ᠨᠡᠭᠦᠷᠡᠰᠦ ᠬᠦᠷᠭᠡᠵᠦ︾᠂ ᠪᠥᠬᠦ ᠲᠤᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠨᠠᠩ ᠪᠠᠲᠤ ᠪᠠᠬᠢ ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ᠃ ᠼᠦᠢ ᠬᠤᠩ ᠵᠢᠶᠧ ᠬᠠᠶᠢᠨᠠᠨ ᠲᠣᠭᠤᠷᠢᠭ ᠤᠨ ᠤᠢᠢᠷ᠎ᠠ ᠶᠢᠨ ᠵᠢᠯ ᠳᠤ ᠣᠯᠤᠭᠰᠠᠨ ᠬᠥᠭᠵᠢᠯᠲᠡ ᠶᠢᠨ ᠦᠷ᠎ᠡ ᠪᠦᠲᠦᠭᠡᠯ ᠢ ᠨᠤᠲᠠᠯᠠᠵᠤ ᠪᠠᠶᠠᠷ ᠬᠦᠷᠭᠡᠵᠦ᠂ ᠬᠠᠶᠢᠨᠠᠨ ᠲᠣᠭᠤᠷᠢᠭ ᠤᠨ ᠤᠷᠳᠤ ᠬᠤᠭᠤᠴᠠᠭᠠᠨ ᠤ ᠲᠤᠷᠰᠢᠬᠢ ᠳᠡᠮᠵᠢᠯᠭᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃ ᠲᠡᠷᠡ ᠬᠡᠯᠡᠭᠰᠡᠨ ᠨᠢ᠂ ᠦᠬᠠᠢ ᠪᠠᠩᠬᠢ ᠦᠷᠭᠦᠯᠵᠢᠯᠡᠨ ᠣᠷᠣᠨ ᠨᠤᠲᠤᠭ ᠲᠤ ᠦᠢᠯᠡᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠨᠠᠨ ᠲᠣᠭᠤᠷᠢᠭ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠬᠠᠮᠤᠭ ᠤᠨ ᠶᠡᠭᠡ ᠬᠦᠴᠦᠨ ᠴᠢᠳᠠᠯ ᠢᠶᠠᠨ ᠡᠷᠭᠦᠨ᠎ᠡ ᠬᠡᠵᠡᠢ᠃ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠤᠨ ᠬᠠᠮᠲᠤ ᠶᠢᠨ ᠭᠡᠷᠡᠴᠢᠯᠡᠭᠡ ᠪᠠᠷ᠂ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠪᠣᠯᠤᠨ ᠦᠬᠠᠢ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃ ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠨᠢ ᠬᠤᠶᠠᠷ ᠲᠠᠯ᠎ᠠ ᠪᠠᠷ ᠢᠶᠠᠨ ᠨᠠᠩ ᠠᠯᠤᠰ ᠬᠡᠲᠦ ᠶᠢᠨ᠂ ᠨᠠᠩ ᠥᠷᠭᠡᠨ ᠠᠭᠤᠳᠠᠮ᠂ ᠨᠠᠩ ᠭᠦᠨᠵᠡᠭᠡᠶ ᠬᠠᠮᠲᠤᠷᠠᠯᠴᠠᠨ ᠬᠥᠭᠵᠢᠬᠦ ᠱᠠᠲᠤᠨ ᠳᠤ ᠣᠷᠣᠵᠤ᠂ ᠬᠠᠶᠢᠨᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠳᠤ ᠬᠠᠮᠲᠤ ᠪᠠᠷ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠢ ᠬᠠᠷᠠᠭᠤᠯᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号