ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ 2024 ᠣᠨ ᠤ ᠭᠡᠰᠢᠭᠦᠳ ᠤᠨ ᠶᠠᠷᠢᠶᠠᠨ ᠤ ᠲᠠᠩᠬᠢᠮ ᠵᠢᠴᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/15
      8 ᠰᠠᠷ᠎ᠠ ᠶᠢᠨ 14 ᠤ ᠡᠳᠦᠷ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ 2024 ᠣᠨ ᠤ ᠭᠡᠰᠢᠭᠦᠳ ᠤᠨ ᠶᠠᠷᠢᠶᠠᠨ ᠤ ᠲᠠᠩᠬᠢᠮ ᠵᠢᠴᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠢᠦ ᠶᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠳᠡᠳ᠋ ᠲᠡᠷᠢᠭᠦᠯᠡᠭᠴᠢ ᠶᠦᠨ ᠰᠢᠶᠤᠤ ᠵᠢᠶᠦ᠋ᠨ᠂ ᠶᠢᠨ ᡁᠢ ᠶᠦᠩ ᠬᠤᠷᠠᠯ ᠳᠤ ᠣᠷᠣᠯᠴᠠᠵᠤ᠂ ᠬᠡᠰᠡᠭ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠴᠢ ᠡᠯ᠎ᠡ ᠮᠡᠳᠡᠭᠦᠯᠦᠨ ᠬᠦᠷᠭᠡᠬᠦ ᠨᠢᠭᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃      ᠬᠤᠷᠠᠯ ᠠᠴᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠲᠤᠰᠬᠠᠶ ᠵᠥᠪᠯᠡᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠬᠢᠯᠡᠭᠴᠢ ᠱᠢ ᠽᠧᠩ ᠲᠤᠤ ᠶᠢ ᠤᠷᠢᠵᠤ ︽ᠵᠢᠵᠢᠭ ᠮᠡᠳᠡᠭᠡ ᠵᠠᠩᠭᠢ ᠪᠠᠷ ᠲᠣᠮᠣ ᠵᠣᠬᠢᠶᠠᠯ ᠭᠠᠷᠭᠠᠪᠠ - ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠬᠡᠷᠬᠢᠨ ᠲᠤᠭᠤᠷᠪᠢᠨ ᠪᠢᠴᠢᠬᠦ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ 2024 ᠣᠨ ᠤ 1 - 7 ᠰᠠᠷ᠎ᠠ ᠶᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ ᠬᠡᠷᠡᠭᠯᠡᠭᠰᠡᠨ ᠪᠠᠶᠢᠳᠠᠯ ᠢ ᠮᠡᠳᠡᠭᠳᠡᠪᠡ︔ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠸᠠᠩ ᠬᠠᠶ ᠭᠠᠩ ᠠᠴᠠ 2024 ᠣᠨ ᠤ ᠬᠠᠶᠢᠨᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ︽ᠲᠠᠪᠤᠨ ᠶᠡᠭᠡ ᠡᠭᠦᠷᠭᠡ︾ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠳᠠᠯᠬᠤ︔ ᠬᠤᠷᠠᠯ ᠳᠤ ᠣᠷᠣᠯᠴᠠᠭᠰᠠᠨ ᠭᠡᠰᠢᠭᠦᠳ ᠢ ᠵᠣᠬᠢᠶᠠᠨ ᠪᠠᠶᠢᠭᠤᠯᠵᠤ ︽ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠪᠠ᠃    ᠬᠤᠷᠠᠯ ᠠᠴᠠ᠂ ᠨᠢᠭᠡ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠭᠤᠯᠭ᠎ᠠ ᠶᠢ ᠪᠠᠶᠠᠯᠢᠭᠵᠢᠭᠤᠯᠵᠤ᠂ ᠭᠡᠰᠢᠭᠦᠳ ᠤᠨ ᠶᠠᠷᠢᠶᠠᠨ ᠤ ᠲᠠᠩᠬᠢᠮ ᠢ ᠰᠢᠨ᠎ᠡ ᠬᠢᠯᠠᠰ ᠴᠡᠭ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠦᠬᠦ ᠶᠠᠪᠤᠴᠠ ᠳᠤ ᠲᠤᠤᠱᠯᠠᠭᠤᠯᠵᠤ᠂ ᠭᠡᠰᠢᠭᠦᠳ ᠤᠨ ᠶᠠᠷᠢᠶᠠᠨ ᠤ ᠲᠠᠩᠬᠢᠮ ᠢ ᠬᠤᠶᠠᠷ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠵᠤ᠂ ᠭᠡᠰᠢᠭᠦᠳ ᠤᠨ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠪᠠᠶᠢᠴᠠᠭᠠᠨ ᠰᠤᠳᠤᠯᠬᠤ ᠴᠢᠳᠠᠪᠤᠷᠢ᠂ ᠤᠯᠠᠨ ᠲᠦᠮᠡᠨ ᠲᠠᠢ ᠬᠠᠷᠢᠯᠴᠠᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠤᠨ᠎ᠠ᠃ ᠬᠤᠶᠠᠷ ᠲᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠡᠯ᠎ᠡ ᠮᠡᠳᠡᠭᠦᠯᠦᠨ ᠬᠦᠷᠭᠡᠬᠦ ᠨᠢᠭᠡᠴᠡ ᠶᠢᠨ ᠠᠷᠭ᠎ᠠ ᠵᠠᠮ ᠥᠷᠭᠡᠨ᠂ ᠵᠣᠬᠢᠶᠠᠨ ᠪᠠᠶᠢᠭᠤᠯᠬᠤ ᠴᠢᠨᠠᠷ ᠢᠶᠠᠷ ᠴᠢᠩᠭ᠎ᠠ᠂ ᠬᠠᠷᠠᠴᠠ ᠪᠠᠷ ᠥᠷᠭᠡᠨ ᠪᠠᠶᠢᠳᠠᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ︽ᠪᠠᠭ᠎ᠠ ᠲᠤᠯᠭᠠᠭᠤᠷᠢ︾ ᠪᠠᠷ ︽ᠶᠡᠭᠡ ᠠᠰᠠᠭᠤᠳᠠᠯ︾ ᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠦᠨ᠎ᠡ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠥᠨᠳᠥᠷ ᠪᠦᠲᠦᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ ᠭᠡᠰᠢᠭᠦᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠤᠣᠯ ᠴᠣᠭᠴᠠ ᠶᠢᠨ ᠦᠢᠯᠡᠳᠦᠯ᠂ ᠲᠤᠬᠠᠶᠢᠯᠠᠭᠰᠠᠨ ᠠᠵᠢᠯ ᠤᠨ ᠳᠤᠮᠳᠠᠬᠢ ᠳᠠᠭᠠᠭᠤᠯᠬᠤ ᠦᠢᠯᠡᠳᠦᠯ᠂ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠭᠴᠢ ᠶᠢᠨ ᠦᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠭᠡᠰᠢᠭᠦᠳ ᠤᠨ ᠠᠵᠢᠯ ᠤᠨ ᠳᠤᠮᠳᠠ ᠪᠠᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠬᠦ ᠶᠢ ᠬᠦᠳᠦᠯᠦᠨ ᠵᠢᠯᠣᠭᠤᠳᠴᠤ᠂ ︽1+6︾ ᠭᠡᠰᠢᠭᠦᠨ ᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠭᠡᠰᠢᠭᠦᠳ ᠤᠨ ᠳᠤᠭᠤᠶᠢᠯᠠᠩ ᠤᠨ ᠠᠵᠢᠯᠯᠠᠭ᠎ᠠ᠂ ᠦᠨᠳᠦᠰᠦᠨ ᠱᠠᠲᠤᠨ ᠤ ᠵᠥᠪᠳᠡᠯᠴᠡᠨ ᠬᠡᠷᠡᠭ ᠵᠥᠪᠯᠡᠬᠦ ᠵᠡᠷᠭᠡ ᠡᠯ᠎ᠡ ᠵᠦᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠶᠢᠨᠠᠨ ᠲᠣᠭᠤᠷᠢᠭ ᠲᠤ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号