2024 ᠣᠨ ᠤ 8 ᠰᠠᠷ᠎ᠠ ᠶᠢᠨ 14 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/8/15
      ᠪᠠᠢ ᠴᠦᠨ ᠯᠸᠢ᠄  ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ︽ᠱᠠᠳᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠦᠷᠦ ᠶᠢᠨ ᠶᠠᠷᠢᠯᠴᠠᠭ᠎ᠠ︾ ᠶᠢᠨ ᠬᠤᠷᠠᠯ ᠳᠤ ᠣᠷᠣᠯᠴᠠᠵᠤ᠂ ᠦᠬᠠᠢ ᠪᠠᠩᠬᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠤᠨ ᠪᠠᠶᠢᠳᠠᠯ ᠢ ᠰᠣᠨᠣᠰᠴᠠᠢ᠃      ᠱᠢ ᠯᠢ ᠴᠢᠶᠠᠩ᠄  ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ︽ᠱᠠᠲᠤ ᠬᠤᠪᠢᠶᠠᠨ ᠰᠤᠭᠤᠴᠢᠨ ᠪᠠᠶᠢᠴᠠᠭᠠᠵᠤ ᠬᠠᠷᠢᠭᠤᠴᠠᠯᠭ᠎ᠠ ᠲᠣᠭᠠᠴᠢᠬᠤ ᠤᠯᠤᠰ ᠲᠥᠷᠥ ᠶᠢᠨ ᠶᠠᠷᠢᠯᠴᠠᠭ᠎ᠠ︾ ᠶᠢᠨ ᠬᠤᠷᠠᠯ ᠳᠤ ᠣᠷᠣᠯᠴᠠᠵᠤ᠂ ᠨᠡᠭᠦᠷᠡᠰᠦᠨ ᠠᠭᠤᠷᠬᠠᠶ ᠶᠢᠨ ᠶᠡᠷᠦᠩᠬᠡᠶᠢᠯᠡᠭᠰᠡᠨ ᠭᠠᠶᠢᠯᠢ ᠶᠢ ᠵᠠᠰᠠᠬᠤ ᠠᠵᠢᠯ ᠤᠨ ᠲᠤᠰᠬᠠᠶ ᠰᠡᠳᠦᠪᠲᠦ ᠬᠤᠷᠠᠯ ᠢ ᠡᠷᠭᠢᠯᠡᠵᠦ᠂ ᠦᠬᠠᠶ ᠬᠤᠲᠠ ᠶᠢᠨ ᠵᠠᠰᠠᠭ ᠤᠨ ᠣᠷᠳᠣᠨ ᠬᠢᠭᠡᠳ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠠᠭᠤᠯᠵᠠᠯᠲᠠ ᠶᠢᠨ ᠬᠤᠷᠠᠯ ᠳᠤ ᠣᠷᠣᠯᠴᠠᠵᠤ᠂ ᠦᠬᠠᠶ ᠪᠠᠩᠬᠢ ᠬᠢᠭᠡᠳ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠬᠤ ᠶᠣᠰᠣᠯᠠᠯ ᠢ ᠡᠷᠭᠢᠯᠡᠪᠡ᠃      ᠰᠢᠤ ᠹᠠᠩ᠄ ᠬᠠᠶᠢᠨᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃      ᠴᠧᠨ ᠬᠠᠶ ᠰᠢᠶᠤᠤ᠄ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ᠂ s37 ᠭᠠᠵᠠᠷ ᠤᠨ ᠬᠠᠶᠢᠨ ᠬᠡᠮᠵᠢᠯᠲᠡ ᠶᠢᠨ ᠵᠢᠷᠤᠭ ᠲᠥᠯᠥᠪᠯᠡᠭᠡ ᠶᠢᠨ ᠬᠤᠷᠠᠯ ᠢ ᠡᠷᠭᠢᠯᠡᠨ  ᠬᠤᠷᠠᠯᠳᠣᠭᠤᠯᠪᠠ᠃      ᠯᠢᠦ ᠵᠢᠶᠠᠨ ᠫᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠯᠢᠦ ᠲᠢᠶᠠᠨ ᠴᠢᠩ᠄ ᠦᠬᠠᠢ ᠪᠠᠩᠬᠢ ᠪᠣᠯᠤᠨ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠸᠠᠩ ᠶᠦᠩ ᠱᠧᠩ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠥᠸᠧ ᠢ ᠵᠢᠶᠧ ᠬᠤᠳᠠ ᠶᠢᠨ ᠳᠠᠷᠤᠭ᠎ᠠ ᠳᠤ ᠪᠠᠷ᠎ᠠ ᠪᠤᠯᠵᠤ ᠰᠠᠨ ᠪᠸᠢ ᠢᠨᠵᠧᠨᠧᠷᠢᠩ ᠤᠨ ᠭᠠᠵᠠᠷ ᠰᠣᠩᠭᠤᠬᠤ ᠶᠢ ᠪᠠᠶᠢᠴᠠᠭᠠᠨ ᠰᠤᠳᠤᠯᠪᠠ᠃      ᠵᠠᠩ ᠨᠢᠩ ᠄    ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃      ᠭᠤᠤ ᠵᠧᠨ ᠭᠠᠩ᠄  ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号