ᠭᠦᠬᠤᠰᠣ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠭᠤᠯᠵᠤ ᠬᠤᠭᠤᠴᠠᠭ᠎ᠠ ᠰᠣᠯᠢᠬᠤ ᠰᠣᠩᠭᠤᠭᠤᠯᠢ ᠶᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/8/16
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠣᠩᠭᠤᠭᠤᠯᠢ ᠶᠢᠨ ᠠᠵᠢᠯ ᠤᠨ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠦᠬᠤᠰᠤ ᠪᠠᠯᠭᠠᠰᠤᠨ ᠤ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ 2024 ᠣᠨ ᠤ 8 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠬᠦᠬᠤᠰᠣ ᠪᠠᠯᠭᠠᠰᠤᠨ ᠤ ᠪᠠᠶᠢᠭᠤᠯᠭ᠎ᠠ ᠶᠢᠨ ᠡᠭᠦᠷ ᠤᠨ ᠭᠡᠰᠢᠭᠦᠳ ᠤᠨ ᠬᠤᠷᠠᠯ ᠬᠤᠭᠤᠴᠠᠭ᠎ᠠ ᠰᠣᠯᠢᠬᠤ ᠰᠣᠩᠭᠤᠭᠤᠯᠢ ᠶᠢᠨ ᠨᠠᠮ ᠤᠨ ᠭᠡᠰᠢᠭᠦᠨ ᠤ ᠶᠡᠭᠡ ᠬᠤᠷᠠᠯ ᠬᠤᠷᠠᠯᠳᠤᠭᠤᠯᠪᠠ᠃ ᠬᠤᠷᠠᠯ ᠢ ᠳᠡᠭᠡᠷ᠎ᠡ ᠬᠤᠭᠤᠴᠠᠭᠠᠨ ᠤ ᠡᠭᠦᠷ ᠤᠨ ᠵᠦᠪᠯᠡᠯ ᠠᠴᠠ ᠡᠷᠬᠢᠯᠡᠵᠦ᠂ ᠶᠡᠭᠡ ᠬᠤᠷᠠᠯ ᠠᠴᠠ ᠲᠡᠰ ᠳᠠᠷᠠᠭᠠᠯᠠᠯ ᠢ ᠴᠢᠩᠭ᠎ᠠ ᠵᠢᠷᠤᠮᠯᠠᠵᠤ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠵᠥᠪᠯᠡᠯ ᠢ ᠠᠮᠵᠢᠯᠲᠠ ᠲᠠᠢ ᠰᠣᠩᠭᠤᠨ ᠭᠠᠷᠭᠠᠪᠠ᠃      ᠳᠠᠷᠠᠭ᠎ᠠ ᠨᠢ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠠᠩᠬᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ᠂ ᠨᠢᠭᠤᠴᠠ ᠰᠣᠩᠭᠤᠭᠤᠯᠢ ᠶᠢᠨ ᠠᠷᠭ᠎ᠠ ᠪᠠ ᠲᠡᠩᠴᠡᠭᠦᠦ ᠲᠣᠭᠠᠨ ᠤ ᠰᠣᠩᠭᠤᠭᠤᠯᠢ ᠶᠢᠨ ᠠᠷᠭ᠎ᠠ ᠪᠠᠷ ᠪᠠᠶᠢᠭᠤᠯᠭ᠎ᠠ ᠶᠢᠨ ᠨᠠᠮ ᠤᠨ ᠡᠭᠦᠷ ᠤᠨ ᠭᠡᠰᠢᠭᠦᠳ ᠤᠨ ᠬᠤᠷᠠᠯ ᠤᠨ ᠱᠦᠵᠢ ᠶᠢ ᠰᠣᠩᠭᠤᠨ ᠭᠠᠷᠭᠠᠵᠤ᠂ ᠡᠯ᠎ᠡ ᠭᠡᠰᠢᠭᠦᠳ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠤᠨ ᠬᠤᠷᠠᠯ ᠨᠢ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠤᠰ ᠪᠡᠶ᠎ᠡ ᠶᠢᠨ ᠤᠯᠤᠰ ᠲᠦᠷᠦ ᠶᠢᠨ ᠤᠨᠤᠯ ᠤᠨ ᠪᠣᠯᠪᠠᠰᠤᠷᠠᠯ ᠪᠣᠯᠤᠨ ᠲᠤᠬᠠᠶᠢᠯᠠᠭᠰᠠᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠲᠡᠷᠢᠭᠦᠨ ᠤ ᠴᠢᠨᠠᠷ ᠢ ᠭᠦᠢᠴᠡᠳ ᠪᠠᠳᠠᠷᠠᠭᠤᠯᠵᠤ᠂ ᠨᠠᠮ ᠤᠨ ᠭᠤᠣᠯ ᠡᠭᠦᠷᠭᠡ ᠪᠣᠯᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠤᠯᠤᠰ ᠲᠦᠷᠦ ᠶᠢᠨ ᠴᠢᠳᠠᠪᠬᠢ ᠴᠢᠩᠭ᠎ᠠ᠂ ᠨᠠᠮ ᠤᠨ ᠡᠭᠦᠷ ᠤᠨ ᠤᠳᠤᠷᠢᠳᠬᠤ ᠪᠠᠭ ᠴᠢᠩᠭ᠎ᠠ᠂ ᠨᠠᠮ ᠤᠨ ᠭᠡᠰᠢᠭᠦᠨ ᠤ ᠡᠩᠨᠡᠭᠡ ᠴᠢᠩᠭ᠎ᠠ᠂ ᠦᠢᠯᠡᠳᠦᠯ ᠢᠶᠠᠨ ᠴᠢᠩᠭ᠎ᠠ ᠪᠠᠳᠠᠷᠠᠭᠤᠯᠤᠭᠰᠠᠨ ᠰᠢᠯᠢᠳᠡᠭ ᠨᠠᠮ ᠤᠨ ᠡᠭᠦᠷ ᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠰᠢᠨ᠎ᠡ ᠨᠢᠭᠡ ᠬᠤᠭᠤᠴᠠᠭᠠᠨ ᠤ ᠨᠠᠮ ᠤᠨ ᠡᠭᠦᠷ ᠤᠨ ᠭᠡᠰᠢᠭᠦᠳ ᠴᠦ ᠬᠤᠶᠢᠨ᠎ᠠ ᠬᠤᠶᠢᠨ᠎ᠠ ᠠᠴᠠ ᠪᠠᠨ ᠣᠪᠣᠷ ᠢᠶᠠᠨ ᠢᠯᠡᠳᠬᠡᠵᠦ᠂ ᠤᠯᠤᠰ ᠲᠦᠷᠦ ᠶᠢᠨ ᠰᠤᠷᠤᠯᠴᠠᠯᠭ᠎ᠠ ᠪᠠᠨ ᠦᠷᠭᠦᠯᠵᠢᠯᠡᠨ ᠴᠢᠩᠭᠠᠳᠬᠠᠵᠤ᠂ ᠴᠢᠳᠠᠪᠤᠷᠢ ᠬᠡᠪ ᠴᠢᠨᠠᠷ ᠢᠶᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠤᠨ ᠡᠭᠦᠷ ᠤᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠢ᠂ ᠡᠮᠬᠢ ᠵᠢᠷᠤᠮ ᠲᠠᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号