ᠭᠦᠬᠤᠰᠣ ᠪᠠᠯᠭᠠᠰᠤ ᠭᠠᠵᠢᠭᠤ ᠨᠣᠮᠯᠠᠯ ᠢ ᠡᠰᠡᠷᠭᠦᠴᠡᠬᠦ ᠭᠡᠰᠢᠭᠦᠨ ᠤ ᠬᠡᠷᠡᠭ ᠡᠷᠬᠢᠯᠡᠭᠴᠢᠳ ᠤᠨ ᠬᠤᠭᠤᠴᠠᠭ᠎ᠠ ᠰᠣᠯᠢᠬᠤ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/16
      ᠰᠢ ᠶᠢᠨ ᠫᠢᠩ ᠶᠡᠷᠦᠩᠬᠡᠶ ᠱᠦᠵᠢ ᠶᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ 8 ᠰᠠᠷ᠎ᠠ ᠶᠢᠨ 15 ᠤ ᠡᠳᠦᠷ᠂ ᠬᠠᠶᠢᠨᠠᠨ ᠲᠣᠭᠤᠷᠢᠭ ᠤᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠭᠦᠬᠤᠰᠣ ᠪᠠᠯᠭᠠᠰᠤᠨ ᠤ ᠬᠤᠪᠢᠶᠠᠷᠢ ᠨᠡᠶᠢᠭᠡᠮᠯᠢᠭ ᠤᠨ ᠬᠤᠶᠠᠳᠤᠭᠠᠷ ᠬᠤᠭᠤᠴᠠᠭᠠᠨ ᠤ ᠬᠤᠭᠤᠴᠠᠭ᠎ᠠ ᠰᠣᠯᠢᠬᠤ ᠶᠡᠭᠡ ᠬᠤᠷᠠᠯ ᠤᠷᠤᠭᠰᠢᠲᠠᠶ ᠬᠤᠷᠠᠯᠳᠤᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠶᠠᠩ ᠶᠦᠨ ᠡᠷᠭᠢᠯᠡᠵᠦ᠂ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠵᠢᠴᠢ ᠰᠦᠯᠵᠢᠶᠡᠨ ᠤ ᠠᠵᠢᠯᠲᠠᠨ ᠶᠡᠭᠡ ᠬᠤᠷᠠᠯ ᠳᠤ ᠣᠷᠣᠯᠴᠠᠵᠠᠶ᠃      ᠶᠡᠭᠡ ᠬᠤᠷᠠᠯ ᠠᠴᠠ ᠭᠦᠬᠤᠰᠣ ᠭᠠᠵᠢᠭᠤ ᠨᠣᠮᠯᠠᠯ ᠢ ᠡᠰᠡᠷᠭᠦᠴᠡᠬᠦ ᠬᠤᠪᠢᠶᠠᠷᠢ ᠨᠡᠶᠢᠭᠡᠮᠯᠢᠭ ᠤᠨ ᠤᠢᠢᠷ᠎ᠠ ᠶᠢᠨ ᠵᠢᠯ ᠤᠨ ᠲᠤᠷᠰᠢᠬᠢ ᠠᠵᠢᠯ ᠤᠨ ᠠᠮᠵᠢᠯᠲᠠ ᠶᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ︽ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ︾ ᠪᠣᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠤᠪᠢᠶᠠᠷᠢ ᠨᠡᠶᠢᠭᠡᠮᠯᠢᠭ ᠤᠨ ︽ᠲᠦᠷᠢᠮ ︵ᠲᠥᠰᠦᠯ︶︾ ᠵᠢᠴᠢ ︽ᠰᠣᠩᠭᠤᠭᠤᠯᠢ ᠶᠢᠨ ᠠᠷᠭ᠎ᠠ ︵ᠲᠥᠰᠦᠯ︶︾ ᠶᠢ ᠬᠢᠨᠠᠨ ᠵᠥᠪᠯᠡᠵᠦ ᠪᠠᠲᠤᠯᠠᠨ᠂ ᠬᠤᠶᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠵᠡᠷᠭᠡ ᠶᠢ ᠰᠣᠩᠭᠤᠨ ᠭᠠᠷᠭᠠᠵᠤ᠂ ᠰᠢᠨ᠎ᠡ ᠪᠠᠷ ᠰᠣᠩᠭᠤᠭᠳᠠᠭᠰᠠᠨ ᠬᠡᠷᠡᠭ ᠡᠷᠬᠢᠯᠡᠭᠴᠢᠳ ᠤᠨ ᠳᠠᠷᠤᠭ᠎ᠠ ᠶᠠᠩ ᠶᠦᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠬᠤᠷᠠᠯ ᠠᠴᠠ᠂ ᠨᠢᠭᠡ ᠳᠤ᠂ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠬᠤ ᠭᠤᠣᠯᠯᠠᠭᠴᠢ ᠪᠠᠶᠢᠷᠢ ᠰᠠᠭᠤᠷᠢ ᠶᠢ ᠪᠠᠲᠤᠳᠬᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠬᠤᠶᠠᠷ ᠲᠤ᠂ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠭᠠᠵᠢᠭᠤ ᠨᠤᠮᠯᠠᠯ ᠢ ᠡᠰᠡᠷᠭᠦᠴᠡᠬᠦ ᠦᠢᠯᠡᠰ ᠤᠨ ᠬᠦᠭᠵᠢᠯᠲᠡ ᠶᠢᠨ ᠪᠠᠲᠤ ᠪᠠᠬᠢ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠭᠤᠷᠪᠠ ᠳᠤ᠂ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠡᠭᠦᠳᠦᠯᠲᠡ ᠶᠢ ᠢᠳᠡᠪᠬᠢᠲᠡᠢ ᠰᠦᠪᠡᠭᠴᠢᠯᠡᠵᠦ᠂ ᠤᠬᠠᠭᠤᠯᠭ᠎ᠠ ᠶᠢᠨ ᠠᠭᠤᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠤᠬᠠᠭᠤᠯᠭ᠎ᠠ ᠶᠢᠨ ᠣᠨᠣᠪᠴᠢ ᠶᠢᠨ ᠬᠡᠮᠵᠢᠶ᠎ᠡ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠲᠦᠷᠪᠡ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠤᠯᠠᠨ ᠲᠦᠮᠡᠨᠴᠢᠯᠡᠬᠦ᠂ ᠨᠡᠶᠢᠭᠡᠮᠴᠢᠯᠡᠬᠦ᠂ ᠲᠤᠰᠬᠠᠶᠢᠵᠢᠭᠤᠯᠬᠤ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠡᠩ ᠶᠡᠭᠡ ᠬᠤᠪᠢ ᠨᠡᠮᠡᠷᠢ ᠪᠠᠷ ᠪᠦᠬᠦ ᠪᠠᠯᠭᠠᠰᠤᠨ ᠤ ᠨᠡᠶᠢᠭᠡᠮ ᠤᠨ ᠠᠮᠤᠷ ᠲᠣᠭᠲᠠᠭᠤᠨ ᠤ ᠶᠡᠭᠡ ᠲᠠᠯ᠎ᠠ ᠶᠢ ᠬᠠᠮᠠᠭᠠᠯᠠᠵᠤ᠂ ᠡᠭᠦᠨ ᠤ ᠤᠯᠠᠮ ᠢᠶᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠭᠦᠬᠤᠰᠣ ᠪᠠᠯᠭᠠᠰᠤᠨ ᠤ ᠬᠤᠪᠢᠶᠠᠷᠢ ᠨᠡᠶᠢᠭᠡᠮᠯᠢᠭ ᠨᠢ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠᠨ ᠦᠷᠭᠦᠯᠵᠢᠯᠡᠨ ᠪᠠᠬᠢᠵᠢᠭᠦᠯᠵᠦ᠂ ᠣᠳᠣᠬᠠᠨ ᠤ ᠭᠠᠵᠢᠭᠤ ᠨᠣᠮᠯᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠣᠨᠴᠠᠯᠢᠭ ᠲᠤ ᠰᠠᠭᠤᠷᠢᠯᠠᠨ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠪᠦᠯᠬᠦᠮᠳᠡᠭᠦᠯᠦᠨ ᠳᠠᠶᠢᠴᠢᠯᠠᠵᠤ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号