— ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/8/16
      ᠨᠢᠭᠡ ᠳᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠡᠷᠡᠰ ᠭᠤᠶᠢᠪᠢᠰᠢ ᠦᠭᠡᠢ ᠪᠡᠶᠡᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠴᠢᠷᠮᠠᠶᠢᠨ ᠠᠬᠢᠭᠤᠯᠬᠤ ᠬᠡᠷᠡᠭᠲᠡᠢ᠃ ᠠᠵᠤ ᠦᠢᠯᠡᠰ ᠤᠨ ᠳᠡᠰ ᠳᠡᠪᠰᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠪᠣᠯᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠠᠷᠢᠯᠴᠠᠨ ᠠᠭᠤᠰᠤᠯᠴᠠᠵᠤ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ︽ᠭᠤᠷᠪᠠ ᠶᠢ ᠨᠡᠶᠢᠳᠬᠡᠬᠦ︾ ᠶᠢ ᠲᠦᠷᠭᠡᠨ ᠠᠬᠢᠭᠤᠯᠵᠤ᠂ ᠤᠯᠤᠰ ᠤᠨ ᠡᠨᠧᠷᠭᠢ ᠶᠢᠨ ᠬᠡᠦᠷᠰᠢᠭᠦᠯᠦᠯᠲᠡ᠂ ᠯᠢ ᠨᠡᠭᠦᠷᠡᠰᠦᠲᠥ᠋ᠷᠥᠭᠴᠢ ᠶᠢᠨ ᠰᠢᠷᠬᠡᠭ᠂ ᠭᠤᠸᠠᠩ ᠶᠢᠨ BDO ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠠᠢ ᠹᠧᠩ ᠥᠩᠭᠡ ᠦᠵᠡᠮᠵᠢ ᠶᠢᠨ ᠤᠰᠤᠲᠥ᠋ᠷᠥᠭᠴᠢ ᠦᠢᠯᠡᠳᠬᠦ ᠵᠡᠷᠭᠡ ᠲᠦᠷᠦᠯ ᠵᠦᠢᠯ ᠤᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠴᠢᠨᠠᠷ ᠰᠠᠶᠢᠲᠠᠢ ᠠᠵᠤ ᠦᠢᠯᠡᠰ ᠤᠨ ᠪᠦᠯᠦᠭᠯᠡᠯ ᠤᠨ ᠳᠠᠪᠠᠭᠤᠯᠢᠭ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ 28 ᠬᠤᠳᠠ ᠶᠢᠨ ᠲᠡᠰ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠴᠠᠭ ᠤᠨ ᠳᠠᠷᠠᠭᠠᠯᠠᠯ ᠢᠶᠠᠷ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠨᠡᠩ ᠤᠯᠠᠨ ᠪᠣᠳᠠᠲᠠᠢ ᠪᠡᠯᠡ ᠣᠷᠣᠭᠤᠯᠤᠯᠲᠠ ᠶᠢ ᠪᠤᠢ ᠪᠣᠯᠭᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠲᠠᠪᠴᠠᠩ ᠢᠶᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ 19 ᠭᠤᠣᠯᠳᠠᠯᠭ᠎ᠠ ᠲᠠᠢ ᠵᠣᠯᠭᠠᠭᠤᠯᠬᠤ ᠲᠦᠷᠦᠯ ᠵᠦᠢᠯ ᠤᠨ ᠵᠥᠪᠳᠡᠯᠴᠡᠵᠦ ᠵᠣᠯᠭᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠠᠳᠬᠤᠵᠤ᠂ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠨᠡᠩ ᠤᠯᠠᠨ ᠴᠢᠨᠠᠷ ᠰᠠᠶᠢᠲᠠᠢ ᠠᠵᠤ ᠠᠬᠤᠶᠢᠯᠠᠯ ᠢ ᠬᠠᠶᠢᠨᠠᠨ ᠳᠤ ᠨᠤᠲᠤᠭᠰᠢᠭᠤᠯᠬᠤ ᠬᠡᠷᠡᠭᠲᠡᠢ᠃      ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭ᠎ᠠ ᠠᠳᠬᠤᠵᠤ᠂ ᠦᠵᠡᠰᠬᠦᠯᠡᠩᠲᠦ ᠰᠠᠶᠢᠬᠠᠨ ᠬᠠᠶᠢᠨᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ ᠪᠣᠳᠠᠲᠤ ᠦᠷ᠎ᠡ ᠪᠦᠲᠦᠮᠵᠢ ᠤᠯᠪᠠ᠃ ᠶᠡᠷᠦᠩᠬᠡᠶ ᠱᠦᠵᠢ ᠰᠢ ᠶᠢᠨ ᠫᠢᠩ ᠤᠨ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠠᠵᠢᠯ ᠤᠨ ᠵᠢᠷᠤᠮᠯᠠᠯ ᠪᠣᠯᠭᠠᠵᠤ᠂ ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠳᠡᠭᠡᠳᠦ ᠱᠠᠲᠤᠨ ᠤ ᠡᠯ᠎ᠡ ᠲᠥᠷᠥᠯ ᠤᠨ ᠲᠣᠭᠤᠷᠢᠨ ᠪᠠᠶᠢᠴᠠᠭᠠᠵᠤ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠠ ᠬᠠᠶᠢᠨᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ︽ᠨᠠᠷᠢᠯᠢᠭ ᠣᠨᠣᠴᠠᠲᠠᠶ ᠪᠠᠷ ᠵᠢᠷᠤᠭᠯᠠᠬᠤ︾ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠦᠵᠡᠰᠬᠦᠯᠡᠩᠲᠦ ᠰᠠᠶᠢᠬᠠᠨ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠲᠤᠯᠤᠭᠠᠨ ᠶᠡᠭᠡ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠤᠷᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠡᠦᠷᠰᠢᠭᠦᠯᠬᠦ ᠠᠵᠤ ᠠᠬᠤᠶᠢᠯᠠᠯ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠷᠭᠡᠳᠬᠡᠨ ᠬᠡᠷᠡᠭᠵᠢᠭᠦᠯᠵᠦ᠂ ᠤᠯᠤᠰ ᠤᠨ ᠡᠨᠧᠷᠭᠢ ᠶᠢᠨ ᠠᠭᠤᠷᠬᠠᠶ ᠶᠢᠨ ᠣᠷᠣᠨ ᠤ 10 ᠺᠢᠯᠣᠮᠧᠳ᠋ᠷ ᠤᠨ ᠬᠡᠪᠴᠢᠶᠡᠨ ᠳᠠᠬᠢ 4 ᠵᠠᠰᠠᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ︽ᠳᠣᠯᠤᠭ᠎ᠠ ᠶᠢ ᠵᠠᠰᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃      ᠭᠤᠷᠪᠠ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠨᠡᠩ ᠣᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠠᠪᠴᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠡᠭᠦᠰᠬᠡᠯ ᠤᠨ ᠠᠵᠢᠯ ᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠲᠤᠷᠰᠢᠯᠭ᠎ᠠ ᠶᠢ ᠰᠤᠷᠤᠯᠴᠠᠨ ᠲᠣᠯᠢᠯᠠᠵᠤ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠦᠢᠯᠡᠰ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠤᠳᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠬᠠᠶᠢᠨᠠᠨ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠷᠭᠡᠳᠬᠡᠵᠦ᠂ ᠤᠯᠠᠨ ᠲᠦᠮᠡᠨ ᠳᠤ ᠭᠡᠷ ᠤᠨ ᠡᠭᠦᠳᠡᠨ ᠳᠤ ᠨᠡᠩ ᠰᠢᠯᠢᠳᠡᠭ ᠰᠤᠷᠭᠠᠨ ᠬᠥᠮᠦᠵᠢᠯ ᠪᠣᠯᠤᠨ ᠡᠮᠴᠢᠯᠡᠭᠡᠨ ᠤ ᠦᠢᠯᠡᠴᠢᠯᠡᠭᠡᠨ ᠤ ᠬᠠᠩᠭᠠᠯᠭ᠎ᠠ ᠶᠢ ᠬᠦᠷᠲᠡᠭᠡᠬᠦ ᠬᠡᠷᠡᠭᠲᠡᠢ᠃ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃      ᠲᠦᠷᠪᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠺᠠᠳ᠋ᠷᠴᠤᠳ ᠤᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ︽ᠵᠢᠷᠭᠤᠭᠠᠨ ᠶᠡᠭᠡ ᠢᠨᠵᠧᠨᠧᠷᠢᠩ︾ ᠢ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ︽ᠭᠤᠷᠪᠠᠨ ᠲᠤᠰᠬᠠᠢ ᠠᠵᠢᠯ︾ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠥᠷᠭᠡᠨ ᠤᠯᠠᠨ ᠺᠠᠳ᠋ᠷᠴᠤᠳ ᠢ ᠨᠡᠩ ᠤᠯᠠᠨ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠪᠣᠳᠠᠲᠠᠢ ᠶᠠᠪᠤᠳᠠᠯ ᠬᠢᠬᠦ ᠳᠡᠭᠡᠷ᠎ᠡ ᠦᠨᠡᠨᠬᠦ ᠵᠠᠷᠤᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠨᠠᠮ ᠤᠨ ᠤᠳᠤᠷᠢᠳᠤᠯᠭ᠎ᠠ ᠶᠢ ᠪᠦᠲᠦᠮᠵᠢᠲᠡᠢ ᠪᠡᠶᠡᠯᠡᠭᠦᠯᠬᠦ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠣᠯᠤᠨ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号