ᠨᠢᠭᠡ ᠵᠢᠯ ᠤᠨ ᠬᠠᠪᠤᠷ ᠲᠡᠷᠢᠭᠦᠯᠡᠵᠦ᠂ ᠲᠦᠮᠡᠨ ᠶᠠᠪᠤᠳᠠᠯ ᠢ ᠤᠷᠢᠳ ᠢᠶᠠᠷ ᠬᠢᠳᠡᠭ᠃ ᠤᠷᠢᠬᠠᠨ ᠬᠠᠪᠤᠷ ᠤᠨ | ᠳᠦᠷᠪᠡᠨ ᠰᠠᠷ᠎ᠠ ᠳᠤ᠂ ᠦᠬᠠᠢ ᠬᠤᠳᠠ ᠶᠢᠨ ᠬᠠᠶᠢᠨᠠᠨ ᠲᠤᠭᠤᠷᠢᠭ ᠲᠤ ᠬᠦᠷᠬᠦ ᠳᠤ᠂ ᠭᠠᠵᠠᠷ ᠪᠣᠯᠭᠠᠨ ᠳᠤ ᠲᠦᠷᠦᠯ | ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠨᠳᠤᠰᠢ ᠢᠯᠡᠷᠡᠵᠡᠢ᠃ ᠠᠵᠤ ᠦᠢᠯᠡᠰ ᠤᠨ | ᠬᠦᠷᠢᠶᠡᠯᠡᠩ ᠲᠣᠭᠤᠷᠢᠭ᠂ ᠬᠤᠲᠠ ᠶᠢᠨ ᠲᠣᠭᠤᠷᠢᠭ ᠤᠨ ᠲᠠᠷᠢᠶᠠᠯᠠᠬᠤ ᠣᠷᠣᠨ ᠳᠤ᠂ ᠠᠵᠤ ᠦᠢᠯᠡᠰ᠂ ᠬᠤᠲᠠ ᠶᠢᠨ | ᠬᠡᠯᠪᠡᠷᠢ ᠪᠠᠨ ᠬᠤᠪᠢᠷᠠᠭᠤᠯᠬᠤ ᠳᠤ ᠬᠤᠯᠪᠣᠭᠳᠠᠬᠤ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ | ᠵᠠᠯᠭᠠᠭ᠎ᠠ ᠪᠠᠷ ᠡᠬᠢᠯᠡᠨ ᠪᠦᠲᠦᠭᠡᠨ ᠪᠠᠶᠢᠭᠤᠯᠵᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠵᠤ᠂ | ᠬᠠᠶᠢᠨᠠᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠲᠠᠯ᠎ᠠ ᠪᠠᠷ ᠶᠠᠭ ᠲᠠᠰᠤᠷᠠᠯᠲᠠ ᠦᠭᠡᠢ ᠰᠢᠨ᠎ᠡ | ᠰᠢᠪᠲᠤᠯᠤᠯᠲᠠ ᠲᠠᠢ ᠪᠣᠯᠵᠤ ᠪᠠᠶᠢᠨ᠎ᠠ᠃ | ᠡᠳᠡᠭᠡᠷ ᠡᠳᠦᠷ ᠤᠳ ᠲᠤ᠂ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠤᠨ | ᠬᠢᠵᠠᠭᠠᠷᠲᠤ ᠺᠣᠮᠫᠠᠨᠢ ᠶᠢᠨ ᠵᠢᠯ ᠳᠤ 20 ᠲᠦᠮᠡᠨ ᠲᠣᠨ PAN ᠵᠢᠢ ᠶᠤᠸᠠᠨ ᠰᠢᠷᠬᠡᠭ ᠪᠠ 10 ᠲᠦᠮᠡᠨ ᠲᠣᠨ | PAN ᠰᠠᠭᠤᠷᠢ ᠳᠡᠭᠡᠳᠦ ᠲᠡᠰ ᠤᠨ ᠨᠡᠭᠦᠷᠡᠰᠦᠲᠥ᠋ᠷᠥᠭᠴᠢ ᠶᠢᠨ ᠰᠢᠷᠬᠡᠭ ᠤᠨ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠡᠷᠭᠡ ᠰᠦᠯᠵᠢᠯᠳᠦᠵᠦ᠂ ᠮᠠᠰᠢᠨ ᠮᠧᠬᠠᠨᠢᠭ ᠬᠦᠩᠭᠢᠨᠡᠵᠦ᠂ | ᠶᠠᠭᠠᠷᠠᠯᠲᠠᠢ ᠪᠠᠶᠢᠳᠠᠯ ᠢᠯᠡᠷᠡᠪᠡ᠃ ᠲᠣᠰ ᠲᠥᠷᠥᠯ ᠵᠦᠢᠯ ᠨᠢ ᠬᠠᠶᠢᠨᠠᠨ ᠲᠣᠭᠤᠷᠢᠭ ᠤᠨ ᠠᠵᠤ ᠦᠢᠯᠡᠰ ᠤᠨ | ᠬᠦᠷᠢᠶᠡᠯᠡᠩ ᠤᠨ ᠰᠢ ᠯᠠᠶ ᠹᠧᠩ ᠲᠥᠷᠥᠯ ᠵᠦᠢᠯ ᠤᠨ ᠲᠣᠭᠤᠷᠢᠭ ᠲᠤ ᠪᠠᠶᠢᠷᠢᠯᠠᠵᠤ᠂ ᠲᠥᠷᠥᠯ ᠵᠦᠢᠯ ᠨᠢ 111.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠭᠤᠷᠪᠠᠨ ᠬᠤᠭᠤᠴᠠᠭ᠎ᠠ ᠬᠤᠪᠢᠶᠠᠨ | ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠣᠶ᠃ ᠣᠳᠣᠬᠠᠨ ᠳᠤ ᠪᠠᠷᠤᠭ 8 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡᠳᠦᠭᠡᠷ | ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠤᠨ᠎ᠠ᠃ | ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠳᠤ ᠪᠠᠶᠢᠭ᠎ᠠ ᠤᠯᠤᠰ ᠤᠨ ᠡᠨᠧᠷᠭᠢ ᠶᠢᠨ ᠪᠦᠯᠦᠭᠯᠡᠯ ᠤᠨ | ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠶ ᠹᠧᠩ ᠬᠤᠪᠢᠶᠠᠷᠢ ᠺᠣᠮᠫᠠᠨᠢ ᠵᠢᠯ ᠳᠤ | 360 ᠲᠦᠮᠡᠨ ᠲᠣᠨ ᠬᠡᠤᠷᠰᠢᠭᠦᠯᠬᠦ ᠠᠵᠢᠯ ᠢ ᠰᠡᠷᠭᠦᠭᠡᠭᠰᠡᠨ ᠲᠥᠷᠥᠯ ᠵᠦᠢᠯ 2 ᠰᠠᠷ᠎ᠠ ᠶᠢᠨ 28 ᠤ ᠡᠳᠦᠷ | ᠠᠵᠢᠯ ᠢᠶᠠᠨ ᠰᠡᠷᠭᠦᠭᠡᠭᠰᠡᠨ ᠠᠴᠠ ᠨᠠᠰᠢ᠂ ᠥᠷᠭᠡᠨ ᠣᠯᠠᠨ ᠪᠥᠲᠥᠭᠡᠨ ᠪᠠᠶᠢᠭᠤᠯᠤᠭᠴᠢᠳ ᠡᠷᠴᠢ ᠵᠣᠷᠢᠭ ᠢᠶᠠᠨ | ᠬᠥᠪᠴᠢᠯᠡᠵᠦ᠂ ᠠᠬᠢᠴᠠ ᠪᠠᠨ ᠲᠦᠷᠭᠡᠳᠬᠡᠵᠦ᠂ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠵᠤ᠂ | ᠡᠷᠲᠡᠬᠡᠨ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ ᠲᠣᠰ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ ᠨᠢ 64 ᠳ᠋ᠦᠩᠰᠢᠭᠤᠷ ᠲᠥᠭᠦᠷᠢᠭ ᠪᠠᠶᠢᠵᠤ᠂ ᠦᠬᠠᠶ ᠬᠤᠲᠠ ᠵᠢᠴᠢ ᠬᠠᠶᠢᠨᠠᠨ | ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠭᠤᠤᠯᠳᠠᠯᠭ᠎ᠠ ᠲᠠᠢ ᠲᠥᠷᠥᠯ | ᠵᠦᠢᠯ ᠪᠣᠯᠤᠨ᠎ᠠ᠃ ᠲᠥᠷᠥᠯ ᠵᠦᠢᠯ ᠳᠤ ᠣᠯᠠᠨ ᠤᠯᠤᠰ ᠤᠨ ᠲᠡᠷᠢᠭᠦᠨ ᠤ ᠬᠡᠦᠷᠰᠢᠭᠦᠯᠬᠦ ᠮᠡᠷᠭᠡᠵᠢᠯ ᠢ ᠬᠡᠷᠡᠭᠯᠡᠵᠦ᠂ | ᠨᠡᠭᠦᠷᠡᠰᠦᠵᠢᠭᠦᠯᠬᠦ ᠲᠠᠰᠤᠭ ᠤᠨ ᠥᠨᠳᠥᠷ 6.78 ᠮᠧᠳ᠋ᠷ ᠤᠨ ᠬᠡᠦᠷᠡᠰᠦᠵᠢᠭᠦᠯᠬᠦ ᠵᠤᠤᠬ᠎ᠠ ᠶᠢ ᠪᠠᠶᠢᠭᠤᠯᠵᠤ᠂ | ᠪᠠᠶᠢᠭᠤᠯᠤᠭᠰᠠᠨ ᠤ ᠳᠠᠷᠠᠭ᠎ᠠ᠂ ᠪᠢᠯᠢᠭ ᠲᠦᠢᠯ ᠤᠨ ᠮᠠᠲ᠋ᠧᠷᠢᠶᠠᠯ᠂ ᠪᠢᠯᠢᠭ ᠬᠡᠦᠷᠡᠰᠦ ᠲᠠᠢ ᠬᠡᠦᠷᠡᠰᠦ᠂ ᠪᠣᠭᠤᠳᠠᠯ | ᠪᠠᠭᠯᠠᠭ᠎ᠠ᠂ ᠰᠢᠪᠲᠦᠷᠲᠦ ᠮᠧᠲ᠋ᠢᠯ ᠠᠯᠳᠧᠭᠢᠳ᠋᠂ BDO ᠵᠡᠷᠭᠡ ᠬᠡᠦᠷᠡᠰᠦᠨ ᠲᠣᠰᠣ ᠵᠢᠴᠢ ᠮᠧᠲ᠋ᠢᠯ ᠠᠯᠺᠣᠤᠯ ᠤᠨ | ᠳᠣᠤᠷᠠᠳᠤ ᠤᠷᠤᠰᠬᠠᠯ ᠤᠨ ᠳᠡᠭᠡᠳᠦ ᠲᠠᠰ ᠤᠨ ᠦᠶ᠋ᠯᠡᠳᠬᠦᠨ ᠢ ᠦᠶ᠋ᠯᠡᠳᠪᠦᠷᠢᠯᠡᠵᠦ᠂ ᠭᠠᠵᠠᠷ ᠣᠷᠣᠨ ᠤ ᠠᠵᠤ | ᠦᠶ᠋ᠯᠡᠳᠪᠦᠷᠢ ᠶᠢᠨ ᠠᠵᠤ ᠠᠬᠤᠶ ᠶᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ | ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠡᠨᠡ ᠬᠦ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠡᠷᠲᠡᠬᠡᠨ ᠠᠵᠢᠯ ᠡᠬᠢᠯᠡᠭᠦᠯᠬᠦ ᠶᠢᠨ ᠲᠥᠯᠥᠭᠡ᠂ | ᠲᠥᠷᠥᠯ ᠵᠦᠢᠯ ᠢ ᠲᠣᠭᠲᠠᠭᠠᠬᠤ ᠡᠬᠢᠨ ᠤ ᠦᠶ᠎ᠡ ᠳᠤ᠂ ᠬᠠᠶᠢᠨᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠳᠠᠷᠤᠶ ᠲᠤᠰᠬᠠᠶ ᠰᠠᠯᠠᠭ᠎ᠠ ᠲᠠᠰᠤᠭ᠂ ᠲᠤᠰᠬᠠᠶ ᠬᠥᠮᠦᠨ ᠵᠢᠭᠠᠨ ᠲᠣᠭᠲᠠᠭᠠᠵᠤ ᠠᠵᠤ | ᠠᠬᠤᠶᠢᠯᠠᠯ ᠲᠠᠢ ᠪᠥᠬᠦ ᠶᠠᠪᠤᠴᠠ ᠪᠠᠷ ᠵᠣᠯᠭᠠᠭᠤᠯᠤᠨ ᠦᠢᠯᠡᠴᠢᠯᠡᠭᠡ ᠥᠷᠨᠢᠭᠦᠯᠵᠦ᠂ ᠬᠠᠪᠰᠤᠷᠤᠨ ᠭᠦᠢᠴᠡᠳᠬᠡᠬᠦ | ᠣᠷᠣᠯᠠᠨ ᠭᠦᠢᠴᠡᠳᠬᠡᠬᠦ ᠲᠤᠰᠬᠠᠶ ᠲᠤᠰᠢᠶᠠᠯᠲᠠᠨ ︽ᠨᠢᠭᠡ ᠳᠤ ᠨᠢᠭᠡ︾ ᠪᠠᠷ ᠠᠵᠤ ᠠᠬᠤᠶᠢᠯᠠᠯ ᠢ ᠬᠠᠪᠰᠤᠷᠤᠨ | ᠠᠰᠠᠭᠤᠳᠠᠯ ᠢ ᠨᠢ ᠰᠢᠢᠳᠪᠦᠷᠢᠯᠡᠵᠦ᠂ ᠵᠥᠪᠬᠡᠨ ᠣᠬᠤᠷᠬᠠᠨ ᠬᠤᠭᠤᠴᠠᠭᠠᠨ ᠳᠤ ᠤᠷᠢᠳ ᠬᠤᠵᠢᠳ ᠲᠡᠭᠦᠨ ᠳᠤ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ | ᠪᠠᠷᠢᠬᠤ ᠵᠥᠪᠰᠢᠶᠡᠷᠡᠯ ᠤᠨ ᠦᠨᠡᠮᠯᠡᠯ ᠵᠡᠷᠭᠡ ᠦᠨᠡᠮᠯᠡᠯ ᠢ ᠭᠦᠢᠴᠡᠳᠭᠡᠵᠦ ᠥᠭᠪᠡ᠃ ᠡᠭᠦᠨ ᠤ ᠬᠠᠮᠲᠤ᠂ ᠬᠤᠲᠠ᠂ | ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠴᠤ ᠲᠥᠷᠥᠯ ᠵᠦᠢᠯ ᠢ ᠳᠠᠩᠰᠠᠯᠠᠬᠤ᠂ ᠦᠢᠯᠡᠳᠪᠦᠷᠢᠯᠡᠬᠦ | ᠴᠢᠳᠠᠪᠤᠷᠢ ᠶᠢ ᠰᠣᠯᠢᠬᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠵᠢᠴᠢ ᠨᠤᠷᠠᠭᠠᠵᠤ ᠨᠡᠭᠦᠯᠭᠡᠬᠦ ᠵᠡᠷᠭᠡ ᠲᠠᠯ᠎ᠠ ᠪᠠᠷ | ᠬᠦᠴᠦᠲᠡᠶ ᠳᠡᠮᠵᠢᠯᠭᠡ ᠦᠵᠡᠭᠦᠯᠵᠦ᠂ ᠲᠥᠷᠥᠯ ᠵᠦᠢᠯ ᠤᠨ ᠠᠵᠢᠯ ᠡᠬᠢᠯᠡᠭᠦᠯᠦᠨ ᠪᠡᠯᠡᠳᠬᠡᠬᠦ ᠴᠠᠭ ᠢ ᠶᠡᠭᠡ ᠪᠠᠷ | ᠪᠣᠭᠤᠨᠢᠰᠬᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠪᠡ᠃ | ᠤᠢᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠠᠵᠤ ᠦᠢᠯᠡᠰ ᠤᠨ ᠬᠡᠯᠬᠢᠶ᠎ᠡ ᠶᠢᠨ | ᠭᠤᠣᠯᠳᠠᠯᠭ᠎ᠠ ᠲᠠᠢ ᠲᠦᠷᠦᠯ ᠵᠦᠢᠯ ᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠠᠵᠤ | ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠬᠠᠲᠠᠭᠤ ᠠᠷᠭ᠎ᠠ︾ | ᠪᠣᠯᠭᠠᠬᠤ ᠶᠢ ᠪᠠᠷᠢᠮᠲᠠᠯᠠᠵᠤ᠂ ᠠᠵᠢᠯ ᠤᠨ ᠲᠤᠰᠬᠠᠢ ᠠᠩᠬᠢ ᠪᠠᠶᠢᠭᠤᠯᠵᠤ᠂ ᠲᠣᠭᠲᠠᠭᠠᠭᠰᠠᠨ ᠰᠢᠨ᠎ᠡ ᠡᠨᠧᠷᠭᠢ᠂ | ᠰᠢᠨ᠎ᠡ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠶᠣᠰᠣᠭᠠᠷ᠂ ᠤᠨᠢᠨ ᠳᠡᠭᠡᠷ᠎ᠡ ᠨᠢ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠥᠷᠨᠢᠭᠦᠯᠪᠡ᠃ 2024 ᠣᠨ ᠳᠤ᠂ ᠬᠠᠶᠢᠨᠠᠨ | ᠲᠣᠭᠤᠷᠢᠭ ᠤᠨ ᠬᠢᠨ 28 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 230.76 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 49.1 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠣᠲᠣ ᠪᠣᠯᠲᠠᠯ᠎ᠠ᠂ ᠨᠢᠭᠡᠨᠲᠡ 24 | ᠠᠵᠢᠯ ᠢᠶᠠᠨ ᠡᠬᠢᠯᠡᠭᠦᠯᠵᠦ᠂ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ ᠨᠢ 85.7% ᠬᠦᠷᠴᠡᠢ᠃ | ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠬᠤ ᠶᠢ | ᠪᠠᠲᠤᠯᠠᠬᠤ ᠶᠢᠨ ᠲᠥᠯᠥᠭᠡ᠂ ᠬᠠᠶᠢᠨᠠᠨ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠳᠤ ᠪᠥᠬᠦ ᠶᠠᠪᠤᠴᠠ ᠶᠢᠨ ᠠᠰᠠᠷᠠᠭᠴᠢ ᠶᠢᠨ | ᠮᠠᠶ᠋ᠢᠭ ᠤᠨ ᠦᠢᠯᠡᠴᠢᠯᠡᠭᠡ ᠬᠠᠩᠭᠠᠵᠤ᠂ ᠲᠥᠷᠥᠯ ᠵᠦᠢᠯ ᠢ ᠬᠠᠮᠢᠭ᠎ᠠ ᠬᠦᠷᠲᠡᠯ᠎ᠡ ᠠᠬᠢᠭᠤᠯᠪᠠᠯ ᠦᠢᠯᠡᠴᠢᠯᠡᠭᠡ ᠶᠢ | ᠲᠡᠨᠳᠡ ᠬᠦᠷᠲᠡᠯ᠎ᠡ ᠳᠠᠭᠠᠬᠤ ᠶᠢ ᠦᠨᠡᠨ ᠬᠦ ᠪᠠᠲᠤᠯᠠᠪᠠ᠃ | ᠬᠠᠶᠢᠨᠠᠨ ᠲᠣᠭᠤᠷᠢᠭ ᠤᠨ ᠬᠢᠨ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠲᠤᠰᠬᠠᠢ ᠠᠩᠬᠢ᠂ | ᠨᠢᠭᠡ ᠢᠵᠢ ᠲᠥᠰᠦᠯ᠂ ᠡᠴᠦᠰ ᠲᠤᠨᠢ ᠲᠤᠯᠲᠠᠯ᠎ᠠ ᠠᠳᠬᠤᠬᠤ︾ ︽ᠲᠠᠪᠤᠨ ᠨᠢᠭᠡ︾ ᠶᠢᠨ ᠲᠦᠷᠦᠯ ᠵᠦᠢᠯ ᠢ | ᠠᠬᠢᠭᠤᠯᠬᠤ ᠲᠣᠭᠲᠠᠴᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ | ᠨᠢᠭᠡᠪᠦᠷᠢ ᠶᠢ ᠣᠷᠣᠨ ᠤ ᠲᠡᠰ ᠤᠨ ᠤᠳᠤᠷᠢᠳᠤᠯᠭ᠎ᠠ ᠪᠣᠯᠤᠨ ᠬᠤᠯᠪᠣᠭᠳᠠᠯ ᠪᠦᠬᠦᠢ ᠣᠷᠣᠨ ᠤ ᠰᠢᠭᠤᠳ ᠬᠠᠷᠢᠶ᠎ᠠ | ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠲᠤ ᠳᠠᠭᠠᠭᠠᠴᠢᠯᠠᠨ ᠬᠤᠯᠪᠣᠭᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ | ᠨᠢᠭᠡᠪᠦᠷᠢ ᠶᠢ ᠣᠷᠣᠨ ᠤ ᠲᠡᠰ ᠤᠨ ᠬᠠᠷᠢᠭᠤᠴᠠᠯᠭᠠᠲᠤ ᠤᠳᠤᠷᠢᠳᠤᠯᠭ᠎ᠠ ᠪᠦᠬᠦ ᠲᠠᠯ᠎ᠠ ᠪᠠᠷ ᠭᠤᠣᠯᠯᠠᠨ ᠠᠳᠬᠤᠬᠤ᠂ | ᠨᠢᠭᠡ ᠬᠠᠷᠢᠭᠤᠴᠠᠯᠭᠠᠲᠤ ᠨᠢᠭᠡᠴᠡ ᠶᠢᠨ ᠪᠦᠬᠦ ᠶᠠᠪᠤᠴᠠ ᠳᠤ ᠦᠢᠯᠡᠴᠢᠯᠡᠬᠦ᠂ ᠨᠢᠭᠡ ᠢᠵᠢ ᠠᠵᠢᠯ ᠤᠨ ᠲᠦᠷᠢᠮ ᠢᠶᠠᠷ | ᠳᠠᠭᠠᠭᠠᠴᠢᠯᠠᠨ ᠬᠤᠯᠪᠣᠭᠠᠯᠠᠬᠤ ᠲᠦᠷᠦᠯ ᠵᠦᠢᠯ ᠢ ᠲᠡᠰ ᠳᠠᠷᠠᠭᠠᠯᠠᠯ ᠤᠨ ᠴᠠᠭ ᠤᠨ ᠠᠬᠢᠴᠠ ᠪᠠᠷ ᠤᠷᠤᠭᠰᠢᠲᠠᠢ | ᠠᠬᠢᠭᠤᠯᠬᠤ ᠶᠢ ᠪᠠᠲᠤᠯᠠᠪᠠ᠃ ᠡᠭᠦᠨ ᠤ ᠬᠠᠮᠲᠤ ︽ᠲᠡᠷᠢᠭᠦᠨ ᠤ ᠬᠢ ᠶᠢ ᠲᠡᠮᠡᠴᠡᠨ ᠤᠯᠬᠤ᠂ ᠮᠣᠷᠢ ᠤᠷᠤᠯᠳᠤᠬᠤ ᠶᠢ | ᠠᠳᠠᠯᠢᠳᠬᠠᠬᠤ︾ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠠᠷᠪᠠᠨ | ᠡᠳᠦᠷ ᠤᠨ ᠠᠵᠢᠯ ᠤᠨ ᠬᠠᠷᠠᠯᠲᠠ ᠶᠣᠰᠣᠭᠠᠷ᠂ ᠡᠯᠭᠦᠭᠡ ᠫᠠᠶᠢᠰᠠ ᠨᠠᠭᠠᠬᠤ᠂ ᠨᠡᠷᠡᠰ ᠤᠨ ᠵᠢᠭᠰᠠᠭᠠᠯᠲᠠ ᠶᠢ | ᠠᠳᠠᠯᠢᠳᠬᠠᠬᠤ᠂ ᠱᠠᠯᠠᠪᠳᠠᠭᠤᠯᠤᠨ ᠭᠦᠢᠴᠡᠳᠬᠡᠭᠦᠯᠵᠦ ᠰᠢᠯᠭᠠᠨ ᠬᠢᠨᠠᠬᠤ ᠵᠡᠷᠭᠡ ᠠᠷᠭ᠎ᠠ ᠬᠡᠮᠵᠢᠶ᠎ᠡ ᠪᠠᠷ | ᠭᠤᠣᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠵᠤ ᠪᠦᠳᠦᠭᠡᠨ ᠪᠠᠶᠢᠭᠤᠯᠬᠤ ᠠᠬᠢᠴᠠ ᠶᠢ ᠦᠨᠡᠨᠬᠦ | ᠳᠡᠭᠡᠭᠰᠢᠯᠡᠭᠦᠯᠬᠦ ᠬᠡᠷᠡᠭᠲᠡᠢ᠃ | ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯ᠎ᠠ ᠪᠠᠷ ᠬᠢ ᠬᠦᠴᠢᠷ ᠲᠦᠪᠡᠭᠲᠡᠶ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠶᠢᠨᠠᠨ ᠲᠣᠭᠤᠷᠢᠭ ᠤᠨ ᠬᠢᠨ ︽ᠮᠥᠩᠬᠡ ᠰᠣᠪᠠᠭ · ᠲᠠᠨ ᠢ | ᠬᠠᠪᠰᠤᠷᠤᠨ ᠭᠦᠢᠴᠡᠳᠬᠡᠬᠦ︾ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠤ ᠠᠵᠢᠯ ᠤᠨ ᠥᠷᠲᠡᠭᠡ ᠶᠢᠨ | ᠲᠤᠰᠬᠠᠶ ᠲᠤᠰᠢᠶᠠᠯᠲᠠᠨ ᠢ ᠳᠣᠭᠢᠷᠠᠭᠤᠯᠤᠨ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ᠂ | ᠴᠤᠪᠤᠷᠠᠭᠤᠯᠤᠨ ᠬᠠᠪᠰᠤᠷᠤᠨ ᠵᠢᠯᠣᠭᠤᠳᠬᠤ᠂ ᠠᠰᠠᠭᠤᠳᠠᠯ ᠢ ᠵᠣᠬᠢᠴᠠᠭᠤᠯᠬᠤ ᠵᠡᠷᠭᠡ ᠦᠢᠯᠡᠴᠢᠯᠡᠭᠡ ᠬᠠᠩᠭᠠᠵᠤ᠂ | ︽ᠳᠠᠭᠠᠭᠠᠴᠢᠯᠠᠨ ᠬᠤᠯᠪᠣᠭᠠᠯᠠᠬᠤ ᠲᠤᠰᠬᠠᠶ ᠲᠤᠰᠢᠶᠠᠯᠲᠠᠨ︾᠂ ︽ᠣᠷᠣᠯᠠᠨ ᠭᠦᠢᠴᠡᠳᠬᠡᠬᠦ ᠠᠵᠢᠯ ᠢ ᠬᠡᠷ ᠲᠤᠨᠢ | ᠬᠦᠷᠭᠡᠬᠦ︾᠂ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠵᠤ ᠠᠬᠤᠶᠢᠯᠠᠯ ᠤᠨ ᠲᠥᠷᠥᠯ ᠵᠦᠢᠯ ᠤᠨ ᠠᠬᠢᠴᠠ ᠪᠠ ᠭᠠᠷᠳᠠᠮ ᠢ ᠭᠦᠢᠴᠡᠳᠬᠡᠭᠰᠡᠨ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠭᠤᠤᠯᠳᠠᠯᠭ᠎ᠠ ᠲᠠᠢ ᠲᠥᠷᠥᠯ ᠵᠦᠢᠯ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠲᠥᠷᠥᠯ | ᠵᠦᠢᠯ ᠳᠤ ᠣᠯᠠᠨ ᠠᠷᠭ᠎ᠠ ᠵᠠᠮ᠂ ᠪᠥᠬᠦ ᠲᠠᠯ᠎ᠠ ᠶᠢᠨ᠂ ᠪᠢᠲᠡᠭᠦᠮᠵᠢᠯᠡᠭᠰᠡᠨ ᠮᠠᠶ᠋ᠢᠭ ᠤᠨ ᠦᠢᠯᠡᠴᠢᠯᠡᠭᠡ ᠬᠠᠩᠭᠠᠪᠠ᠃ | ᠡᠭᠦᠨ ᠤ ᠬᠠᠮᠲᠤ᠂ ︽ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ︾ ᠤ ᠬᠠᠪᠰᠤᠷᠤᠨ ᠭᠦᠢᠴᠡᠳᠬᠡᠬᠦ | ᠵᠠᠭᠪᠤᠷ ᠢ ᠬᠡᠷᠡᠭᠵᠢᠭᠦᠯᠵᠦ᠂ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ | ᠳᠠᠭᠠᠭᠠᠴᠢᠯᠠᠨ ᠬᠤᠯᠪᠣᠭᠠᠯᠠᠬᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ︽ᠬᠠᠮᠲᠤᠷᠠᠨ ᠬᠢᠨᠠᠵᠤ ᠬᠠᠮᠲᠤᠷᠠᠨ | ᠬᠢᠨᠠᠬᠤ︾᠂ ᠬᠠᠪᠰᠤᠷᠤᠨ ᠭᠦᠢᠴᠡᠳᠬᠡᠬᠦ ᠲᠤᠰᠬᠠᠶ ᠲᠤᠰᠢᠶᠠᠯᠲᠠᠨ ᠢ ᠲᠤᠰᠬᠠᠶ ᠵᠦᠢᠯ ᠢᠶᠠᠷ ᠮᠥᠷᠳᠡᠨ ᠳᠠᠭᠠᠬᠤ᠂ | ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠵᠤ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠠᠬᠢᠭᠤᠯᠤᠨ᠎ᠠ᠃ ᠬᠠᠶᠢᠨᠠᠨ ᠲᠣᠭᠤᠷᠢᠭ ᠤᠨ ᠬᠢᠨ | ᠪᠠᠰᠠ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠪᠢᠲᠡᠭᠦᠦ ᠴᠠᠭᠠᠷᠢᠭ ᠢᠶᠠᠷ ᠬᠢᠨᠠᠨ | ᠵᠥᠪᠰᠢᠶᠡᠷᠡᠬᠦ︾ ᠦᠢᠯᠡᠴᠢᠯᠡᠭᠡᠨ ᠤ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠠᠵᠤ ᠠᠬᠤᠶᠢᠯᠠᠯ ᠢ ᠨᠢᠭᠡ ᠯᠡ | ᠡᠭᠦᠳᠡ ᠪᠠᠷ ᠣᠷᠣᠭᠤᠯᠬᠤ᠂ ᠬᠢᠨᠠᠨ ᠵᠥᠪᠰᠢᠶᠡᠷᠡᠬᠦ ᠲᠤᠭ᠎ᠠ ᠪᠠᠷᠢᠮᠲᠠ ᠶᠢ ᠰᠦᠯᠵᠢᠶᠡᠨ ᠳᠡᠭᠡᠷ᠎ᠡ ᠭᠦᠶᠦᠬᠦ᠂ ᠣᠷᠣᠯᠠᠨ | ᠭᠦᠢᠴᠡᠳᠬᠡᠵᠦ ᠬᠠᠪᠰᠤᠷᠤᠨ ᠭᠦᠢᠴᠡᠳᠬᠡᠬᠦ ᠪᠦᠬᠦ ᠶᠠᠪᠤᠴᠠ ᠶᠢᠨ ᠥᠨᠳᠥᠷ ᠪᠦᠲᠦᠮᠵᠢᠲᠡᠢ ᠦᠢᠯᠡᠴᠢᠯᠡᠭᠡᠨ ᠤ | ᠲᠦᠪᠰᠢᠨ ᠢ ᠦᠨᠡᠨᠬᠦ ᠪᠡᠶᠡᠯᠡᠭᠦᠯᠪᠡ᠃ ᠣᠳᠣᠬᠠᠨ ᠳᠤ᠂ ᠬᠠᠶᠢᠨᠠᠨ ᠲᠣᠭᠤᠷᠢᠭ ᠤᠨ ᠢᠨᠵᠧᠨᠧᠷᠢᠩ ᠤᠨ ᠲᠥᠷᠥᠯ | ᠬᠤᠪᠢᠶᠠᠨ ᠬᠢᠨᠠᠨ ᠵᠥᠪᠰᠢᠶᠡᠷᠡᠬᠦ ᠴᠠᠭ ᠢ 54 ᠠᠵᠢᠯᠯᠠᠬᠤ ᠡᠳᠦᠷ ᠠᠴᠠ 24 ᠠᠵᠢᠯᠯᠠᠬᠤ ᠡᠳᠦᠷ ᠪᠣᠯᠭᠠᠨ ᠬᠠᠰᠤᠨ | ᠪᠠᠭᠠᠰᠬᠠᠵᠤ᠂ ᠠᠵᠤ ᠠᠬᠤᠶᠢᠯᠠᠯ ᠤᠨ ︽ᠣᠯᠠᠨ ᠤᠳᠠᠭ᠎ᠠ ᠭᠦᠶᠦᠬᠦ︾ ︽ᠣᠯᠠᠨ ᠲᠠᠯ᠎ᠠ ᠠᠴᠠ ᠭᠦᠶᠦᠬᠦ︾ | ᠳᠠᠷᠤᠭᠠᠰᠤ ᠶᠢ ᠦᠨᠡᠨ ᠬᠦ ᠬᠥᠩᠭᠡᠷᠡᠭᠦᠯᠪᠡ᠃ |