︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠰᠠᠬᠢᠨ ᠬᠠᠮᠠᠭᠠᠯᠠᠵᠤ ᠬᠠᠶᠢᠨᠠᠨ ᠲᠣᠭᠤᠷᠢᠭ ᠤᠨ ︽ᠪᠠᠲᠤᠵᠢᠯ︾ ᠤᠨ ᠦᠵᠡᠮᠵᠢ ᠶᠢ ᠴᠣᠭᠴᠠᠯᠠᠶ᠎ᠠ
ᠨᠡᠶᠢᠲᠡᠯᠡᠭᠰᠡᠨ ᠴᠠᠭ᠄
2024/8/16
      ᠤᠢᠢᠷ᠎ᠠ ᠶᠢᠨ ᠵᠢᠯ ᠠᠴᠠ᠂ ᠬᠠᠶᠢᠨᠠᠨ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠤᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠪᠠᠷ ᠭᠤᠣᠯᠳᠠᠯᠭ᠎ᠠ ᠪᠣᠯᠭᠠᠵᠤ᠂ ᠡᠬᠢ ᠪᠠᠶᠠᠯᠢᠭ ᠢ ᠨᠡᠶᠢᠳᠬᠡᠬᠦ᠂ ᠲᠣᠭᠲᠠᠴᠠ ᠶᠢ ᠲᠠᠬᠢᠨ ᠴᠣᠭᠴᠠᠯᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠭᠤᠷᠪᠠᠨ ᠰᠡᠷᠭᠡᠶᠢᠯᠡᠯᠲᠡ ᠶᠢᠨ ᠱᠤᠭᠤᠮ︾ ᠢ ᠪᠠᠲᠤ ᠰᠠᠬᠢᠵᠤ᠂ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠬᠠᠶᠢᠨᠠᠨ ᠢ ᠪᠦᠳᠦᠭᠡᠨ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠥᠪᠡᠷᠮᠢᠴᠡ ︽ᠪᠠᠲᠤᠵᠢᠯ︾ ᠤᠨ ᠦᠵᠡᠮᠵᠢ ᠶᠢ ᠪᠦᠷᠢᠯᠳᠦᠭᠦᠯᠵᠡᠢ᠃      ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠦᠴᠦᠨ ᠪᠠ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠨᠠᠮ ᠤᠨ ᠤᠳᠤᠷᠢᠳᠬᠤ ᠤᠯᠤᠰ ᠲᠥᠷᠥ ᠶᠢᠨ ᠳᠠᠪᠠᠭᠤᠯᠢᠭ ᠢ ᠵᠥᠷᠢᠴᠡᠯ ᠢ ᠠᠷᠢᠯᠭᠠᠬᠤ᠂ ᠠᠰᠠᠭᠤᠳᠠᠯ ᠢ ᠰᠢᠢᠳᠪᠦᠷᠢᠯᠡᠬᠦ ᠬᠦᠴᠦᠷᠬᠡᠭ ᠶᠡᠭᠡ ᠦᠷ᠎ᠡ ᠪᠦᠲᠦᠮᠵᠢ ᠪᠣᠯᠭᠠᠨ ᠭᠦᠶ᠋ᠴᠡᠳ ᠬᠤᠪᠢᠷᠠᠭᠤᠯᠪᠠ᠃      ᠡᠶᠡᠳᠡᠭᠦᠯᠭᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠬᠦ ᠵᠥᠪᠯᠡᠯ ᠢ 46 ᠪᠠᠶᠢᠭᠤᠯᠵᠤ᠂ ᠭᠤᠷᠪᠠᠳᠤᠭᠠᠷ ᠳᠡᠰ ᠤᠨ ᠵᠥᠷᠢᠴᠡᠯ ᠢ ᠡᠶᠡᠳᠡᠭᠦᠯᠬᠦ ᠲᠥᠪ ᠢ 25 ᠪᠠᠶᠢᠭᠤᠯᠵᠤ᠂ ᠣᠷᠣᠨ ᠤ ᠱᠠᠲᠤᠨ ᠤ ᠵᠥᠷᠢᠴᠡᠯ ᠢ ᠡᠶᠡᠳᠡᠭᠦᠯᠬᠦ ᠲᠥᠪ ᠤᠨ ︽ᠨᠢᠭᠡ ᠯᠡ ᠥᠷᠲᠡᠭᠡᠨ ᠤ ᠮᠠᠶ᠋ᠢᠭ ᠢᠶᠠᠷ ᠵᠢᠷᠤᠮᠵᠢᠭᠤᠯᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠡᠶᠡᠳᠡᠭᠦᠯᠦᠨ ᠰᠢᠢᠳᠪᠦᠷᠢᠯᠡᠬᠦ ᠪᠦᠯᠬᠦᠮ ᠢ ᠪᠣᠶ ᠪᠣᠯᠭᠠᠵᠤ᠂ ᠡᠶᠡᠳᠡᠭᠦᠯᠬᠦ᠂ ᠬᠥᠨᠳᠡᠯᠡᠨ ᠠᠴᠠ ᠲᠠᠰᠤᠯᠬᠤ᠂ ᠲᠦᠷᠭᠡᠨ ᠲᠠᠰᠤᠯᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ 3619 ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠵᠦ᠂ ᠠᠳᠠᠯᠢ ᠬᠤᠭᠤᠴᠠᠭᠠᠨ ᠤ ᠪᠥᠬᠦ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠶᠡᠷᠦᠩᠬᠡᠶ ᠬᠡᠮᠵᠢᠶ᠎ᠡ ᠶᠢᠨ 80% ᠠᠴᠠ ᠳᠡᠭᠡᠭᠰᠢᠬᠢ ᠶᠢ ᠡᠵᠡᠯᠡᠪᠡ︔ ᠯᠢᠦ ᠯᠸᠢ᠂ ᠵᠠᠩ ᠸᠧᠶ ᠯᠦᠨ ᠵᠡᠷᠭᠡ ᠠᠯᠲᠠᠨ ᠮᠧᠳᠠᠯ ᠤᠨ ᠡᠶᠡᠳᠡᠭᠦᠯᠬᠦ ᠠᠵᠢᠯ ᠤᠨ ᠲᠠᠰᠤᠭ ᠢ 8 ᠪᠠᠶᠢᠭᠤᠯᠵᠤ᠂ ︽ᠳᠣᠯᠣᠭᠠᠨ ᠠᠯᠬᠤᠮ ᠢᠶᠠᠷ ᠡᠶᠡᠳᠡᠭᠦᠯᠬᠦ︾ ︽ᠵᠢᠵᠢᠭ ᠭᠤᠳᠤᠮᠵᠢ ᠶᠢᠨ ᠬᠠᠮᠢᠶᠠᠷᠤᠭᠴᠢ︾ ᠶᠢᠨ ᠵᠡᠷᠭᠡ ᠠᠵᠢᠯ ᠤᠨ ᠠᠷᠭ᠎ᠠ ᠶᠢ ᠰᠦᠪᠡᠭᠴᠢᠯᠡᠨ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠲᠡᠷᠡ ᠳᠠᠷᠤᠶ ᠳᠤᠨᠢ ᠮᠡᠳᠡᠭᠳᠡᠵᠦ ᠲᠤᠬᠠᠶ ᠶᠢᠨ ᠭᠠᠵᠠᠷ ᠲᠤᠨᠢ ᠰᠢᠢᠳᠪᠦᠷᠢᠯᠡᠬᠦ ᠶᠢ ᠪᠡᠶᠡᠯᠡᠭᠦᠯᠪᠡ᠃      ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠭᠦᠨᠵᠡᠭᠡᠶ ᠬᠡᠷᠡᠭᠵᠢᠭᠦᠯᠵᠦ᠂ ᠨᠡᠶᠢᠭᠡᠮ ᠳᠠᠶᠠᠭᠠᠷ ᠲᠤ ᠬᠠᠤᠯᠢ ᠪᠠᠷ ᠵᠠᠰᠠᠬᠤ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠡᠷᠢᠵᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠶᠢ ᠬᠡᠷᠡᠭᠯᠡᠵᠦ᠂ ᠵᠥᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠭᠦᠯᠪᠡ᠃      ᠬᠠᠤᠯᠢ ᠪᠠᠷ ᠵᠠᠰᠠᠬᠤ ᠬᠠᠢᠨᠠᠨ ᠤ ᠪᠦᠲᠦᠭᠡᠨ ᠪᠠᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠠᠴᠠ ᠪᠥᠬᠦ ᠲᠤᠭᠤᠷᠢᠭ ᠤᠨ 19 ᠲᠣᠰᠬᠤᠨ ︵ᠨᠡᠶᠢᠭᠡᠮ ᠲᠣᠭᠤᠷᠢᠭ︶ ᠳᠤ ᠬᠠᠤᠯᠢ ᠪᠠᠷ ᠵᠠᠰᠠᠬᠤ ᠳᠡᠳ᠋ ᠡᠷᠬᠢᠯᠡᠭᠴᠢ ᠳᠣᠭᠢᠷᠠᠭᠤᠯᠵᠤ᠂ 8 ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠪᠠᠷ ᠵᠠᠰᠠᠬᠤ ᠳᠡᠳ᠋ ᠵᠠᠬᠢᠷᠤᠯ ᠳᠣᠭᠢᠷᠠᠭᠤᠯᠵᠤ᠂ ᠲᠤᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ ᠨᠠᠰᠤᠨ ᠳᠤ ᠥᠯᠥ ᠭᠦᠷᠦᠭᠰᠡᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠪᠠ ︽ᠨᠢᠭᠡ ᠥᠷᠲᠡᠭᠡᠨ ᠤ ᠮᠠᠶ᠋ᠢᠭ︾ ᠤᠨ ᠭᠡᠷᠡᠴᠢ ᠠᠪᠬᠤ ᠲᠥᠪ ᠢ 2 ᠪᠥᠲᠥᠭᠡᠨ ᠪᠠᠶᠢᠭᠤᠯᠪᠠ︔ ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯᠯᠠᠭ᠎ᠠ ᠪᠠ ︽ᠬᠠᠤᠯᠢ ᠴᠠᠭᠠᠵᠠ ᠶᠢᠨ ᠮᠡᠷᠭᠡᠨ ᠬᠥᠮᠦᠨ︾ ᠢ ᠬᠥᠮᠦᠵᠢᠭᠦᠯᠬᠦ ᠲᠥᠯᠥᠪᠯᠡᠭᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠠᠭᠤᠳᠠᠮ ᠲᠠᠯᠠᠪᠠᠶ᠂ ᠬᠠᠤᠯᠢ ᠪᠠᠷ ᠵᠠᠰᠠᠬᠤ ᠬᠥᠮᠦᠵᠢᠯ ᠤᠨ ᠰᠠᠭᠤᠷᠢᠨ ᠭᠠᠵᠠᠷ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠪᠠᠶᠢᠭᠤᠯᠵᠤ᠂ ︽ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠠᠮ ᠲᠡᠷᠭᠡ︾ ᠶᠢ ᠲᠠᠷᠢᠶᠠᠨ ᠭᠠᠵᠠᠷ ᠲᠤ ᠥᠷᠭᠡᠨ ᠳᠡᠯᠭᠡᠷ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠦᠴᠦᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠲᠠᠰᠤᠷᠠᠯᠲᠠ ᠥᠬᠡᠶ ᠠᠬᠢᠭᠤᠯᠪᠠ᠃ ᠣᠶᠢᠷ᠎ᠠ ᠶᠢᠨ ᠵᠢᠯ ᠤᠨ ᠲᠤᠷᠰᠢ᠂ ᠤᠷᠢᠳ ᠬᠤᠵᠢᠳ 10 ᠲᠣᠰᠬᠤᠨ ︵ᠨᠡᠶᠢᠭᠡᠮ ᠲᠣᠭᠤᠷᠢᠭ︶ ᠲᠣᠰ ᠲᠣᠰ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠤ ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶︾ ᠶᠢᠨ ᠢᠷᠠᠭᠤ ᠠᠯᠳᠠᠷ ᠢ ᠭᠥᠷᠳᠡᠪᠡ᠃      ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︽ᠫᠦᠵᠢᠶᠠᠩ ᠤᠨ ᠲᠤᠷᠰᠢᠯᠭ᠎ᠠ︾ ᠶᠢᠨ ᠬᠡᠷᠡᠭᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠲᠤᠭᠤᠷᠢᠭ ᠤᠨ ᠱᠠᠲᠤᠨ ᠤ ᠠᠷᠠᠳ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠲᠥᠪ ᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠶ᠋ᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡ ᠶᠢ ᠨᠢᠭᠡ ᠴᠤᠭᠴᠠᠵᠢᠭᠤᠯᠬᠤ︾ ᠲᠣᠭᠲᠠᠭᠤᠨ ᠢᠶᠠᠷ ᠡᠵᠡᠮᠳᠡᠬᠦ ᠠᠷᠭ᠎ᠠ ᠬᠡᠮᠵᠢᠶ᠎ᠡ ᠪᠠ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠨ ᠤ ︽ᠲᠠᠪᠤ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠠᠩᠬ᠎ᠠ ᠤᠳᠠᠭ᠎ᠠ ᠡᠷᠭᠢᠯᠳᠦᠭᠦᠯᠬᠦ᠂ ᠳᠠᠬᠢᠨ ᠬᠤᠪᠢᠷᠬᠠᠤ︾ ᠡᠭᠦᠰᠬᠦ ᠶᠢ ᠡᠷᠡᠰ ᠬᠤᠷᠢᠭᠯᠠᠨ᠎ᠠ᠃ ᠳᠡᠭᠡᠳᠦ ᠱᠠᠲᠤᠨ ᠠᠴᠠ ᠲᠤᠰᠢᠶᠠᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠪᠦᠬᠦᠨ ᠢ ᠮᠠᠭᠠᠳᠯᠠᠨ ᠲᠣᠭᠲᠠᠭᠠᠵᠤ ᠰᠢᠶ᠋ᠳᠪᠦᠷᠢᠯᠡᠨ᠎ᠡ᠃      ᠰᠠᠭᠤᠭᠠᠯᠢ ᠠᠷᠠᠳ ᠤᠨ ᠬᠡᠷᠡᠭ ᠵᠥᠪᠯᠡᠬᠦ ᠵᠥᠪᠳᠡᠯᠴᠡᠬᠦ ᠠᠷᠭ᠎ᠠ ᠵᠠᠮ ᠢ ᠥᠷᠭᠡᠳᠬᠡᠨ᠎ᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠠᠷᠠᠳᠴᠢᠯᠠᠯ ᠢᠶᠠᠷ ᠵᠥᠪᠯᠡᠬᠦ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ︽136︾᠂ ᠲᠣᠰᠬᠤᠨ ᠤ ︽ᠨᠢᠭᠡ ᠴᠥᠮ ᠢᠶᠠᠷ ᠨᠢᠭᠡ ᠪᠣᠯᠵᠣᠬᠤ ᠳᠥᠷᠪᠡᠨ ᠬᠤᠷᠠᠯ︾ ᠵᠡᠷᠭᠡ ᠵᠥᠪᠳᠡᠯᠴᠡᠬᠦ ᠠᠵᠢᠯ ᠤᠨ ᠠᠷᠭ᠎ᠠ ᠶᠢ ᠬᠠᠶᠢᠨ ᠰᠦᠪᠡᠭᠴᠢᠯᠡᠵᠦ᠂ ︽ᠠᠷᠠᠳ ᠤᠨ ᠲᠥᠯᠥᠭᠡᠯᠡᠭᠴᠢᠳ ᠤᠨ ᠬᠡᠷ ᠪᠦᠯᠢ︾᠂ ︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠠᠵᠢᠯᠯᠠᠬᠤ ᠲᠠᠰᠤᠭ︾ 9᠂ ᠪᠥᠬᠦ ᠲᠣᠭᠤᠷᠢᠭ ᠤᠨ 19 ᠲᠣᠰᠬᠤᠨ ︵ᠨᠡᠶᠢᠭᠡᠮ ᠲᠣᠭᠤᠷᠢᠭ︶ ᠤ ᠲᠣᠰᠬᠤᠨ ᠤ ᠠᠷᠠᠳ ᠤᠨ ᠬᠤᠷᠠᠯ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠲᠥᠯᠥᠭᠡᠯᠡᠭᠴᠢᠳ ᠤᠨ ᠬᠤᠷᠠᠯ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠲᠥᠯᠥᠭᠡᠯᠡᠭᠴᠢᠳ ᠤᠨ ᠬᠤᠷᠠᠯ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯᠭᠡᠨ ᠤ ᠬᠤᠷᠠᠯ᠂ ᠲᠣᠰᠬᠤᠨ ︵ᠰᠠᠭᠤᠭᠠᠯᠢ ᠠᠷᠠᠳ︶ ᠤ ᠠᠷᠠᠳ ᠤᠨ ᠵᠥᠪᠯᠡᠯᠭᠡᠨ ᠤ ᠬᠤᠷᠠᠯ᠂ ᠬᠡᠷᠡᠭ ᠵᠥᠪᠯᠡᠵᠦ ᠵᠥᠪᠳᠡᠯᠴᠡᠬᠦ ᠠᠴᠢᠶᠠᠯᠠᠪᠤᠷᠢ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠤᠰᠤ ᠴᠠᠬᠢᠯᠭᠠᠨ ᠬᠠᠩᠭᠠᠬᠤ᠂ ᠵᠢᠵᠢᠭ ᠲᠣᠭᠤᠷᠢᠭ ᠢ ᠬᠠᠲᠠᠭᠤᠷᠠᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ᠂ ᠣᠯᠠᠨ ᠲᠦᠮᠡᠨ ᠤ ᠬᠡᠷᠡᠭ ᠶᠠᠷᠢᠬᠤ᠂ ᠠᠷᠠᠳ ᠤᠨ ᠰᠡᠳᠬᠢᠯᠭᠡ ᠶᠢᠨ ᠬᠡᠯᠡᠯᠴᠡᠭᠡᠷ᠂ ᠠᠷᠠᠳ ᠤᠨ ᠬᠡᠷᠡᠭ ᠵᠥᠪᠯᠡᠬᠦ ᠵᠡᠷᠭᠡ ᠵᠥᠪᠳᠡᠯᠴᠡᠬᠦ ᠠᠵᠢᠯᠯᠠᠭ᠎ᠠ ᠶᠢ 80 ᠭᠠᠷᠤᠶ ᠲᠠᠯᠠᠪᠤᠷ ᠤᠳᠠᠭ᠎ᠠ ᠥᠷᠨᠢᠭᠦᠯᠪᠡ᠃      ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠡᠬᠢ ᠡᠭᠦᠰᠦᠯ ᠠᠴᠠ ᠨᠢ ᠵᠠᠰᠠᠬᠤ ᠶᠢ ᠴᠢᠬᠤᠯᠠᠴᠢᠯᠠᠵᠤ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠬᠠᠮᠲᠤᠷᠠᠨ ᠡᠶᠡᠳᠡᠭᠦᠯᠬᠦ ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠵᠥᠷᠢᠴᠡᠯ ᠵᠢᠭᠤᠷᠠᠯᠳᠤᠭᠠᠨ ᠤ ︽ᠮᠡᠳᠡᠷᠡᠬᠦ᠂ ᠤᠷᠢᠳᠴᠢᠯᠠᠨ ᠰᠡᠷᠡᠮᠵᠢᠯᠡᠭᠦᠯᠬᠦ᠂ ᠰᠢᠢᠳᠪᠦᠷᠢᠯᠡᠬᠦ᠂ ᠵᠠᠰᠠᠬᠤ︾ ᠪᠦᠬᠦ ᠪᠢᠲᠡᠭᠦᠦ ᠴᠠᠭᠠᠷᠢᠭ ᠤᠨ ᠵᠠᠭᠪᠤᠷ ᠢ ᠪᠠᠶᠢᠭᠤᠯᠵᠤ᠂ ᠠᠷᠠᠳ ᠤᠯᠠᠨ ᠤ ᠲᠤᠰᠬᠠᠭᠰᠠᠨ ᠵᠥᠷᠢᠴᠡᠯ ᠠᠰᠠᠭᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠲᠤᠬᠠᠢ ᠶᠢᠨ ᠭᠠᠵᠠᠷ ᠲᠤᠨᠢ ᠰᠢᠢᠳᠪᠦᠷᠢᠯᠡᠪᠡ᠃      ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠰᠢᠶ᠋ᠳᠪᠦᠷᠢᠲᠦ ᠪᠣᠳᠣᠯᠭ᠎ᠠ ᠶᠢᠨ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠬᠥᠭᠵᠢᠯᠲᠡ ᠶᠢ ᠲᠥᠯᠥᠪᠵᠢᠭᠦᠯᠬᠦ᠂ ᠲᠥᠷᠥᠯ ᠵᠦᠶ᠋ᠯ ᠢ ᠪᠥᠲᠥᠭᠡᠨ ᠪᠠᠶᠢᠭᠤᠯᠬᠤ ᠳᠠᠭᠠᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠵᠠᠪᠠᠯ ᠪᠦᠷᠢᠯᠳᠦᠭᠦᠯᠬᠦ ᠲᠠᠰ ᠳᠠᠷᠠᠭᠠᠯᠠᠯ ᠪᠣᠯᠭᠠᠵᠤ᠂ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢᠨ ᠠᠶᠤᠯ ᠲᠦᠭᠰᠢᠭᠦᠷᠢ ᠶᠢᠨ ᠲᠣᠭᠲᠠᠭᠤᠨ ᠢ ᠦᠨᠡᠯᠡᠨ ᠵᠢᠱᠢᠬᠦ ᠲᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠯᠠᠪᠳᠠᠭᠤᠨ ᠦᠨᠡᠯᠡᠬᠦ ᠲᠤᠰᠬᠠᠶ ᠮᠡᠷᠭᠡᠵᠢᠯᠲᠡᠨ ᠤ ᠬᠥᠮᠥᠷᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠲᠥᠷᠥᠯ ᠵᠦᠶ᠋ᠯ᠂ ᠲᠥᠷᠥ ᠶᠢᠨ ᠪᠣᠳᠣᠯᠭ᠎ᠠ᠂ ᠠᠵᠢᠯᠯᠠᠭ᠎ᠠ ᠳᠤ ᠦᠨᠡᠯᠡᠬᠦ ᠶᠣᠰᠣᠲᠠᠶ ᠶᠢ ᠨᠢ ᠴᠥᠮ ᠦᠨᠡᠯᠡᠵᠦ᠂  ᠵᠥᠷᠢᠴᠡᠯ ᠵᠢᠭᠤᠷᠠᠯᠳᠤᠭᠠᠨ  ᠡᠭᠦᠰᠬᠦ  ᠶᠢ  ᠡᠬᠢ  ᠡᠭᠦᠰᠦᠯ  ᠠᠴᠠ  ᠨᠢ  ᠪᠠᠭᠠᠰᠬᠠᠪᠠ᠃      ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︽ᠪᠡᠯᠡ ᠣᠷᠣᠭᠤᠯᠵᠤ ᠪᠡᠯᠡ ᠲᠣᠬᠢᠷᠠᠭᠤᠯᠬᠤ︾ ᠦᠰᠦᠭᠲᠦ ᠠᠵᠤ ᠠᠬᠤᠶᠢᠯᠠᠯ ᠢ ᠦᠷᠭᠦᠯᠵᠢᠯᠡᠨ ᠪᠠᠶᠢᠴᠠᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠶᠢ ᠰᠡᠷᠭᠡᠶᠢᠯᠡᠪᠡ︔ ︽ᠠᠮᠤᠷ ᠠᠮᠤᠭᠤᠯᠠᠩ ᠡᠮᠨᠡᠯᠭᠡ ᠶᠢᠨ ᠬᠤᠷᠢᠶ᠎ᠠ︾ ᠶᠢ ᠡᠭᠦᠳᠦᠨ ᠪᠠᠶᠢᠭᠤᠯᠬᠤ ᠲᠠᠢ ᠤᠶᠠᠯᠳᠤᠭᠤᠯᠤᠨ᠂ ᠡᠮᠴᠢᠯᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠺᠣᠮᠢᠰ ᠢ ᠪᠠᠶᠢᠭᠤᠯᠵᠤ᠂ ᠲᠣᠭᠤᠷᠢᠭ ᠪᠠ ᠪᠠᠯᠭᠠᠰᠤ᠂ ᠵᠡᠭᠡᠯᠢ ᠭᠤᠳᠤᠮᠵᠢ ᠬᠤᠶᠠᠷ ᠱᠠᠲᠤᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢᠶᠠᠨ ᠬᠠᠮᠠᠭᠠᠯᠠᠬᠤ ᠠᠵᠢᠯ ᠤᠨ ᠥᠷᠲᠡᠭᠡ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠵᠦ᠂ ᠪᠦᠬᠦ ᠵᠢᠯ ᠳᠤ 11 ᠤᠳᠠᠭ᠎ᠠ ᠤᠷᠤᠭ ᠤᠨ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ᠂ 26 ᠤᠳᠠᠭ᠎ᠠ ᠵᠢᠭᠤᠷᠠᠯᠳᠤᠭᠠᠨ ᠢ ᠡᠶᠡᠳᠡᠭᠦᠯᠦᠨ᠂ ︽ᠭᠡᠷ ᠪᠦᠯᠢ ᠶᠢᠨ ᠬᠦᠴᠦᠷᠬᠡᠭᠯᠡᠯ ᠤᠨ ᠰᠡᠷᠡᠮᠵᠢᠯᠡᠬᠦᠯᠬᠦ ᠪᠢᠴᠢᠭ︾ ᠢ 12 ᠬᠤᠪᠢ ᠲᠠᠷᠬᠠᠭᠠᠪᠠ︔ ᠬᠥᠳᠡᠯᠮᠦᠷᠢ ᠶᠢᠨ ᠮᠠᠷᠭᠤᠯᠳᠤᠭᠠᠨ ᠳᠤ ᠬᠤᠯᠪᠣᠭᠳᠠᠭᠰᠠᠨ ᠵᠥᠷᠢᠴᠡᠯ ᠤᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠬᠠᠶᠢᠨᠠᠨ ᠲᠣᠭᠤᠷᠢᠭ ᠤᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠬᠤᠷᠢᠶ᠎ᠠ ᠶᠢ ᠪᠠᠶᠢᠭᠤᠯᠵᠤ᠂ ᠬᠥᠨᠳᠡᠯᠡᠨ ᠠᠴᠠ ᠲᠠᠰᠤᠯᠬᠤ᠂ ᠵᠠᠷᠭᠤ ᠶᠢᠨ ᠵᠢᠷᠤᠮ ᠳᠤ ᠤᠷᠤᠭᠰᠠᠨ ᠦᠭᠡᠢ ᠬᠥᠳᠡᠯᠮᠦᠷᠢ ᠶᠢᠨ ᠵᠢᠭᠤᠷᠠᠯᠳᠤᠭᠠᠨ ᠢ ᠤᠷᠢᠳᠠᠪᠠᠷ ᠡᠶᠡᠳᠡᠭᠦᠯᠵᠦ᠂ ︽ᠭᠤᠣᠯᠳᠠᠯᠭ᠎ᠠ ᠨᠢ ᠤᠷᠢᠳᠠᠴᠢ ᠪᠠᠶᠢᠬᠤ︾ ᠠᠵᠢᠯ ᠤᠨ ᠵᠠᠭᠪᠤᠷ ᠢ ᠪᠣᠶ ᠪᠣᠯᠭᠠᠵᠤ᠂ 878 ᠬᠤᠪᠢ ᠬᠥᠳᠡᠯᠮᠦᠷᠢ ᠶᠢᠨ ᠵᠢᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠨᠠᠮᠳᠠᠭᠤᠯᠵᠤ᠂ 5100 ᠭᠠᠷᠤᠶ ᠲᠦᠮᠡᠨ ᠲᠥᠭᠦᠷᠢᠭ ᠤᠨ ᠬᠤᠯᠪᠣᠭᠳᠠᠬᠤ ᠵᠣᠭᠤᠰ ᠤᠨ ᠲᠤᠭ᠎ᠠ ᠨᠢ 5100 ᠭᠠᠷᠤᠶ ᠲᠦᠮᠡᠨ ᠲᠥᠭᠦᠷᠢᠭ ᠲᠤ ᠬᠦᠷᠴᠡᠶ᠃      ᠬᠤᠯᠪᠣᠭᠠᠯᠠᠨ ᠪᠠᠶᠢᠴᠠᠭᠠᠵᠤ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠂ ᠲᠣᠤᠷᠵᠢᠯ ᠤᠨ ︽ᠳᠥᠷᠪᠡᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ︾ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ︽ᠳᠥᠷᠪᠡᠨ ᠭᠠᠵᠠᠷ ᠨᠢᠭᠡ ᠲᠢᠩᠬᠢᠮ︾ ᠤᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠲᠣᠤᠷᠵᠢᠯ ᠤᠨ ᠠᠵᠢᠯᠲᠠᠨ᠂ ᠠᠮᠤᠷ ᠠᠮᠤᠭᠤᠯᠠᠩ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠭᠦᠶ᠋ᠴᠡᠳ ᠪᠠᠳᠠᠷᠠᠭᠤᠯᠵᠤ᠂ ᠨᠡᠶᠢᠳᠡᠮ ᠵᠢᠭᠰᠠᠭᠠᠨ ᠪᠠᠶᠢᠴᠠᠭᠠᠬᠤ ᠪᠠ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠪᠠ ᠰᠠᠷ᠎ᠠ ᠪᠠᠷ ᠵᠢᠭᠰᠠᠭᠠᠨ ᠪᠠᠶᠢᠴᠠᠭᠠᠬᠤ ᠶᠢ ᠤᠶᠠᠯᠳᠤᠭᠤᠯᠬᠤ ᠵᠡᠷᠭᠡ ᠠᠷᠭ᠎ᠠ ᠮᠠᠶ᠋ᠢᠭ ᠢ ᠠᠪᠴᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠶ᠋ᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠡᠷᠲᠡ ᠣᠯᠵᠤ ᠮᠡᠳᠡᠬᠦ᠂ ᠡᠷᠲᠡ ᠮᠡᠳᠡᠭᠦᠯᠬᠦ᠂ ᠡᠷᠲᠡ ᠰᠢᠶ᠋ᠳᠪᠦᠷᠢᠯᠡᠬᠦ ᠶᠢ ᠪᠡᠶᠡᠯᠡᠭᠦᠯᠪᠡ︔ ᠣᠷᠣᠨ ᠤ ᠱᠠᠲᠤᠨ ᠤ ᠵᠢᠪᠴᠦ ᠡᠶᠡᠳᠡᠭᠦᠯᠬᠦ ᠲᠥᠪ ᠤᠨ ᠤᠶᠤᠨᠴᠢᠯᠠᠭᠰᠠᠨ ᠲᠠᠪᠴᠠᠩ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ︽12345 ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠶ᠋ᠳᠪᠦᠷᠢᠯᠡᠬᠦ︾ ᠠᠴᠠ ︽ᠵᠥᠷᠢᠴᠡᠯ ᠵᠢᠭᠤᠷᠠᠯᠳᠤᠭᠠᠨ ᠢ ᠰᠦᠯᠵᠢᠶᠡᠨ ᠭᠠᠳᠠᠨ᠎ᠠ ᠡᠶᠡᠳᠡᠭᠦᠯᠬᠦ︾ ᠬᠦᠷᠲᠡᠯᠡᠬᠢ ᠣᠷᠭᠠᠨᠢᠭ ᠢᠶᠠᠷ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃ ᠣᠶᠢᠷ᠎ᠠ ᠶᠢᠨ ᠭᠤᠷᠪᠠᠨ ᠵᠢᠯ ᠳᠤ᠂ ᠪᠥᠬᠦ ᠣᠷᠣᠨ ᠳᠤ ᠣᠯᠠᠨ ᠲᠦᠮᠡᠨ ᠤ ᠬᠦᠰᠡᠯ ᠱᠠᠭᠠᠷᠳᠠᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠨᠡᠶᠢᠲᠡ 20 ᠲᠦᠮᠡ ᠭᠠᠷᠤᠶ ᠬᠤᠪᠢ ᠰᠢᠢᠳᠪᠦᠷᠢᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ 6378 ᠬᠤᠪᠢ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 97.6% ᠳᠤ ᠬᠦᠷᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠪᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号