ᠢᠦᠶ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠪᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/19
      8 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠣᠶᠣᠯ ᠪᠣᠯᠤᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠣᠶᠣᠯ ᠢ ᠳᠡᠯᠭᠡᠨ ᠦᠵᠡᠭᠦᠯᠬᠦ ᠬᠡᠯᠪᠡᠷᠢ ᠪᠣᠯᠤᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠰᠣᠳᠣᠨ ᠤᠳᠬ᠎ᠠ ᠤᠷᠠᠯᠢᠭ ᠤᠨ ᠪᠦᠲᠦᠭᠡᠯ ᠢ ᠡᠭᠦᠳᠴᠦ᠂ ᠨᠢᠭᠡ ᠪᠦᠯᠦᠭ ᠬᠠᠶᠢᠨᠠᠨ ᠲᠣᠭᠤᠷᠢᠭ ᠤᠨ ᠣᠨᠴᠠᠯᠢᠭ ᠲᠠᠢ ᠬᠤᠪᠢᠰᠬᠠᠯ ᠤᠨ ᠭᠤᠣᠯ ᠰᠡᠳᠦᠪᠲᠦ ᠵᠤᠭᠠᠴᠠᠯ᠂ ᠰᠤᠳᠤᠯᠤᠨ ᠰᠤᠷᠤᠯᠴᠠᠬᠤ ᠵᠠᠮ ᠱᠤᠭᠤᠮ ᠢ ᠨᠠᠷᠢᠨ ᠨᠢᠮᠪᠠᠢ ᠲᠥᠰᠦᠪᠯᠡᠵᠦ᠂ ︽ᠵᠢᠵᠢᠭ ᠭᠤᠷᠪᠠᠨ ᠱᠤᠭᠤᠮ︾ ᠤᠨ ᠪᠦᠳᠦᠭᠡᠨ ᠪᠠᠶᠢᠭᠤᠯᠤᠯᠲᠠ ᠵᠡᠷᠭᠡ ᠦᠯᠢᠭᠡᠷ ᠢ ᠰᠠᠶᠢᠲᠤᠷ ᠶᠠᠷᠢᠵᠤ᠂ ᠰᠣᠶᠣᠯ ᠵᠤᠭᠠᠴᠠᠯ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠤᠭ ᠨᠤᠳᠤᠭ ᠨᠢ ᠨᠢᠩᠪᠦ᠋ᠸᠧ ᠶᠢᠨ ᠰᠢᠶᠠᠩᠭᠠᠩ ᠤᠨ ᠠᠵᠤ ᠠᠬᠤᠶᠢᠯᠠᠯᠲᠠᠨ ᠳᠤ ᠥᠭᠭᠦᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠰᠢᠶᠠᠩᠭᠠᠩ ᠣᠣᠮᠧᠨ ᠲᠠᠶᠢᠸᠠᠨ ᠤ ᠠᠵᠤ ᠠᠬᠤᠶᠢᠯᠠᠯ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠶᠢᠨ ᠪᠦᠯᠬᠦᠮ ᠯᠦᠭᠡ ᠶᠢᠨ ᠵᠣᠬᠢᠶᠠᠨ ᠪᠠᠶᠢᠭᠤᠯᠤᠯᠲᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠯᠪᠣᠭ᠎ᠠ ᠠᠪᠴᠤ ᠦᠢᠯᠡᠴᠢᠯᠡᠬᠦ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠠᠵᠢᠯ ᠢ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠦᠨᠡᠨ ᠰᠡᠳᠬᠢᠯ ᠠᠴᠠ ᠪᠠᠨ ᠦᠢᠯᠡᠴᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠤᠪᠸᠢ ᠶᠢᠨ ᠱᠢ ᠶᠠᠨ ᠳ᠋ᠠᠨ ᠵᠢᠶᠠᠩ ᠺᠸᠤ ᠶᠢᠨ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠠᠵᠢᠯᠯᠠᠭᠰᠠᠳ ᠤᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠠᠳᠤᠨ ᠭᠤᠣᠯ ᠢ ᠬᠠᠮᠠᠭᠠᠯᠠᠬᠤ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ᠬᠠᠳᠤᠨ ᠭᠤᠣᠯ ᠤᠨ ᠠᠮᠢ ᠠᠬᠤᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠢᠯᠡᠭᠡᠭᠰᠡᠨ ᠪᠠᠶᠠᠷ ᠤᠨ ᠴᠠᠬᠢᠯᠭᠠᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠮᠠᠨ ᠤ ᠲᠣᠭᠤᠷᠢᠭ ᠤᠨ ᠣᠯᠢᠮᠫᠢᠺ ᠤᠨ ᠴᠤᠭᠯᠠᠭᠠᠨ ᠤ ᠮᠠᠩᠯᠠᠢ ᠶᠠᠩ ᠵᠢᠶᠠ ᠢᠦᠢ ᠨᠥᠬᠦᠷ ᠤᠨ ᠣᠯᠢᠮᠫᠢᠺ ᠤᠨ ᠲᠠᠮᠢᠷ ᠤᠨ ᠴᠤᠭᠯᠠᠭᠠᠨ ᠳᠡᠭᠡᠷ᠎ᠡ ᠡᠷᠡᠯᠬᠡᠭᠯᠡᠨ ᠲᠡᠮᠡᠴᠡᠬᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠵᠣᠷᠢᠭ ᠰᠠᠨᠠᠭ᠎ᠠ ᠬᠡᠪ ᠴᠢᠨᠠᠷ ᠢ ᠢᠳᠡᠪᠬᠢᠲᠡᠢ ᠤᠬᠠᠭᠤᠯᠵᠤ᠂ ᠲᠠᠮᠢᠷᠴᠢᠳ ᠤᠨ ᠡᠭᠦᠷᠭᠡᠲᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠮᠠᠨ ᠤ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠥᠷᠨᠢᠩᠭᠦᠢ ᠬᠥᠭᠵᠢᠯᠲᠡ ᠳᠤ ᠬᠦᠴᠦᠨ ᠨᠡᠮᠡᠷᠢᠯᠡᠵᠦ᠂ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠨᠠᠢᠮᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠦᠬᠦ  ᠲᠣᠭᠤᠷᠢᠭ ᠢᠶᠠᠷ ᠢᠶᠠᠨ ᠨᠢᠭᠡ ᠣᠷᠣᠨ ᠪᠦᠰᠡ ᠶᠢ ᠲᠥᠯᠥᠪᠵᠢᠭᠦᠯᠬᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠵᠢᠷᠭᠤᠭᠠᠨ ᠢᠨᠵᠧᠨᠧᠷᠢᠩ︾᠂ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠠᠶᠢᠨᠠᠨ  ᠲᠣᠭᠤᠷᠢᠭ ᠤᠨ ᠤᠨᠴᠠᠯᠢᠬᠳᠤ ᠥᠭᠡᠷᠡᠴᠢᠯᠡᠯᠲᠡ ᠶᠢ ᠨᠠᠷᠢᠨ ᠨᠢᠮᠪᠠᠢ ᠲᠥᠯᠥᠪᠵᠢᠭᠦᠯᠵᠦ᠂ ᠡᠯ᠎ᠡ ᠵᠦᠢᠯ ᠤᠨ ᠭᠤᠣᠯ ᠠᠵᠢᠯ ᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ︽ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃      ᠬᠤᠷᠠᠯ ᠠᠴᠠ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠡᠷᠬᠢᠮ ᠨᠠᠨᠳᠢᠨ ᠲᠤᠷᠰᠢᠯᠭ᠎ᠠ ᠶᠢ ᠪᠥᠬᠦ ᠲᠠᠯ᠎ᠠ ᠪᠠᠷ ᠬᠢᠨᠠᠮᠠᠭᠠᠶ ᠰᠤᠷᠤᠯᠴᠠᠨ ᠬᠡᠷᠡᠭᠯᠡᠵᠦ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠠᠪᠤᠨ ᠵᠢᠯ ᠤᠨ ᠠᠵᠢᠯᠯᠠᠭ᠎ᠠ ᠶᠢᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠪᠣᠬᠢᠷ ᠤᠰᠤ ᠬᠤᠭ ᠨᠣᠪᠰᠢ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠡᠮᠬᠢ ᠵᠢᠷᠤᠮ ᠲᠠᠢ ᠲᠦᠷᠭᠡᠳᠬᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠵᠤ᠂ ᠴᠡᠭᠴᠡᠯᠡᠨ ᠵᠠᠰᠠᠬᠤ ᠠᠵᠢᠯ ᠳᠤ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号