ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠭᠡᠰᠢᠭᠦᠳ ᠤᠨ ᠠᠵᠢᠯᠯᠠᠭ᠎ᠠ ᠶᠢᠨ ᠳᠤᠭᠤᠶᠢᠯᠠᠩ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠤᠯᠤᠰ ᠲᠥᠷᠥ ᠶᠢᠨ ᠵᠥᠪᠯᠡᠯᠭᠡᠨ ᠤ ᠦᠨᠳᠦᠰᠦᠨ ᠱᠠᠲᠤᠨ ᠤ ᠬᠡᠷᠡᠭ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
      8 ᠰᠠᠷ᠎ᠠ ᠶᠢᠨ 15 ᠤ ᠡᠳᠦᠷ᠂ ᠬᠠᠶᠢᠨᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠠᠪᠤᠳᠤᠭᠠᠷ ᠭᠡᠰᠢᠭᠦᠳ ᠤᠨ ᠠᠵᠢᠯᠯᠠᠭ᠎ᠠ ᠶᠢᠨ ᠳᠤᠭᠤᠶᠢᠯᠠᠩ ᠪᠠᠷᠠᠭᠤᠨ ᠵᠦᠸᠧ ᠽᠢ ᠱᠠᠨ ᠵᠡᠭᠡᠯᠢ ᠭᠤᠳᠤᠮᠵᠢ ᠲᠠᠢ ᠬᠠᠮᠲᠤᠷᠠᠨ ᠵᠣᠨ ᠤ ᠠᠮᠠᠷᠠᠯᠲᠠ ᠶᠢᠨ ᠬᠤᠭᠤᠴᠠᠭᠠᠨ ᠤ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠤᠯᠤᠰ ᠲᠥᠷᠥ ᠶᠢᠨ ᠵᠥᠪᠯᠡᠯᠭᠡᠨ ᠤ ᠦᠨᠳᠦᠰᠦᠨ ᠱᠠᠲᠤᠨ ᠤ ᠬᠡᠷᠡᠭ ᠵᠥᠪᠯᠡᠬᠦ ᠬᠤᠷᠠᠯ ᠬᠤᠷᠠᠯᠳᠤᠭᠤᠯᠪᠠ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᡁᠢ ᠶᠦᠩ᠂ ᠠᠵᠤ ᠠᠬᠤᠶ ᠪᠠ ᠠᠮᠢ ᠠᠬᠤᠶ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ ᠪᠠ ᠬᠡᠰᠡᠭ ᠭᠡᠰᠢᠭᠦᠳ ᠬᠤᠷᠠᠯ ᠳᠤ ᠣᠷᠣᠯᠴᠠᠵᠠᠶ᠃      ᠠᠵᠢᠯᠯᠠᠭ᠎ᠠ ᠶᠢᠨ ᠳᠤᠭᠤᠶᠢᠯᠠᠩ ᠤᠨ ᠭᠡᠰᠢᠭᠦᠳ ᠡᠷᠦᠬᠡ ᠳᠤ ᠣᠷᠣᠵᠤ ᠣᠯᠠᠨ ᠲᠦᠮᠡᠨ ᠢ ᠰᠤᠷᠪᠤᠯᠵᠢᠯᠠᠵᠤ᠂ ︽ᠲᠦᠩ ᠰᠢᠨ ᠲᠣᠭᠤᠷᠢᠭ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠬᠠᠬᠢᠷ ᠵᠣᠨ ᠤ ᠠᠮᠠᠷᠠᠯᠲᠠ ᠶᠢᠨ ᠬᠤᠭᠤᠴᠠᠭᠠᠨ ᠤ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠬᠢᠴᠢᠶᠡᠯ ᠤᠨ ᠭᠡᠷ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠨᠡᠶᠢᠲᠡ ᠶᠢᠨ ᠠᠰᠠᠷᠠᠮᠵᠢ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠬᠤ ᠶᠢᠨ ᠲᠣᠭᠤᠷᠢᠨ ᠳᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠵᠦᠸᠧ ᠽᠢ ᠱᠠᠨ ᠵᠡᠭᠡᠯᠢ ᠭᠤᠳᠤᠮᠵᠢ ᠶᠢᠨ ᠬᠡᠷᠡᠭ ᠵᠥᠪᠯᠡᠬᠦ ᠬᠤᠷᠠᠯ ᠨᠢ ᠤᠯᠤᠰ ᠲᠥᠷᠥ ᠶᠢᠨ ᠵᠥᠪᠯᠡᠯᠭᠡᠨ ᠤ ᠵᠥᠪᠳᠡᠯᠴᠡᠭᠡ ᠶᠢ ᠦᠨᠳᠦᠰᠦᠨ ᠱᠠᠲᠤ ᠲᠡᠶᠢᠰᠢ ᠤᠷᠲᠤᠳᠬᠠᠭᠰᠠᠨ ᠲᠠᠪᠴᠠᠩ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠬᠠᠷᠢᠶ᠎ᠠ ᠣᠷᠣᠨ ᠤ ᠣᠯᠠᠨ ᠲᠦᠮᠡᠨ ᠤ ᠵᠣᠨ ᠤ ᠠᠮᠠᠷᠠᠯᠲᠠ ᠶᠢᠨ ᠦᠷ᠎ᠡ ᠬᠡᠤᠬᠡᠳ ᠢ ᠬᠠᠷᠠᠭᠠᠯᠵᠠᠬᠤ ᠳᠤ ᠪᠡᠷᠬᠡ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ ᠬᠠᠶᠢᠷ᠎ᠠ ᠬᠠᠯᠠᠮᠵᠢ ᠶᠢ ᠨᠠᠶᠢᠳᠠᠨ ᠬᠠᠮᠢᠶᠠᠷᠤᠭᠤᠯᠬᠤ ᠦᠶ᠋ᠯᠡᠴᠢᠯᠡᠭᠡᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠡᠤᠬᠡᠳ ᠤᠨ ᠵᠣᠨ ᠤ ᠠᠮᠠᠷᠠᠯᠲᠠ ᠶᠢᠨ ᠬᠤᠭᠤᠴᠠᠭᠠᠨ ᠳᠤ ᠬᠠᠮᠢᠶᠠᠷᠬᠤ ᠬᠥᠮᠦᠨ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠬᠤ ᠬᠡᠷᠡᠭᠲᠡᠶ᠃ ᠭᠡᠰᠢᠭᠦᠳ ᠲᠤᠬᠠᠶᠢᠯᠠᠭᠰᠠᠨ ᠠᠵᠢᠯ ᠤᠨ ᠳᠤᠮᠳᠠᠬᠢ ᠳᠠᠭᠠᠭᠤᠯᠬᠤ ᠦᠢᠯᠡᠳᠦᠯ᠂ ᠤᠯᠤᠰ ᠲᠦᠷᠦ ᠶᠢᠨ ᠵᠥᠪᠯᠡᠯᠭᠡᠨ ᠤ ᠠᠵᠢᠯ ᠳᠠᠬᠢ ᠭᠤᠣᠯ ᠴᠣᠭᠴᠠ ᠶᠢᠨ ᠦᠢᠯᠡᠳᠦᠯ᠂ ᠡᠲᠡᠭᠡᠳ ᠤᠨ ᠢᠯᠭᠠᠯ ᠤᠨ ᠤᠯᠠᠨ ᠲᠦᠮᠡᠨ ᠤ ᠳᠤᠮᠳᠠᠬᠢ ᠲᠥᠯᠥᠭᠡᠯᠡᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠪᠠ ᠦᠨᠳᠦᠰᠦᠨ ᠱᠠᠲᠤᠨ ᠤ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠬᠤᠷᠠᠯ᠂ ᠲᠣᠰᠬᠤᠨ ︵ᠨᠡᠶᠢᠭᠡᠮ ᠲᠣᠭᠤᠷᠢᠭ︶ ᠤ ᠠᠵᠢᠯᠯᠠᠬᠤ ᠲᠠᠰᠤᠭ ᠤᠨ ᠡᠯ᠎ᠡ ᠵᠦᠢᠯ ᠤᠨ ᠵᠥᠪᠯᠡᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠠᠨᠳᠤᠯᠭᠠᠲᠤ ᠴᠢᠨᠠᠷᠲᠠᠢ᠂ ᠪᠦᠲᠦᠭᠡᠯᠴᠢ ᠴᠢᠨᠠᠷᠲᠠᠢ ᠰᠠᠨᠠᠭᠤᠯᠭ᠎ᠠ ᠶᠢ ᠢᠯᠡᠭᠦᠬᠡᠨ ᠳᠤᠷᠠᠳᠴᠤ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号