ᠢᠦᠶ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠤᠷᠭᠠᠭᠤᠯᠢ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/2
      7 ᠰᠠᠷ᠎ᠠ ᠶᠢᠨ 31 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠲᠣᠭᠤᠷᠢᠭ ᠤᠨ ᠨᠠᠮ ᠤᠨ ᠰᠤᠷᠭᠠᠭᠤᠯᠢ ᠶᠢᠨ ᠵᠠᠬᠢᠷᠤᠯ᠂ ᠲᠣᠭᠤᠷᠢᠭ ᠤᠨ ᠵᠠᠰᠠᠭ ᠵᠠᠬᠢᠷᠭᠠᠨ ᠤ ᠰᠤᠷᠭᠠᠭᠤᠯᠢ ᠶᠢᠨ ᠵᠠᠬᠢᠷᠤᠯ ᠢᠦᠶ ᡁᠢ ᠶᠦᠩ ᠨᠠᠮ ᠤᠨ ᠰᠤᠷᠭᠠᠭᠤᠯᠢ ᠶᠢᠨ 2024 ᠣᠨ ᠤ ᠨᠢᠭᠡᠳᠦᠭᠡᠷ ᠤᠳᠠᠭᠠᠨ ᠤ ᠰᠤᠷᠭᠠᠭᠤᠯᠢ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠨᠠᠮ ᠤᠨ ᠰᠤᠷᠭᠠᠭᠤᠯᠢ ᠶᠢᠨ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠶᠢᠨᠠᠨ ᠲᠣᠭᠤᠷᠢᠭ ᠤᠨ ᠨᠠᠮ ᠤᠨ ᠰᠤᠷᠭᠠᠭᠤᠯᠢ ᠶᠢᠨ ︿ᠪᠥᠬᠦ ᠲᠣᠭᠤᠷᠢᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2024 - 2026 ᠣᠨ︶﹀ ᠶᠢᠨ ᠡᠭᠦᠷᠭᠡ ᠶᠢᠨ ᠨᠠᠷᠢᠨ ᠲᠠᠩᠰᠠ︾ ᠶᠢ ᠬᠢᠨᠠᠨ ᠵᠥᠪᠯᠡᠵᠦ ᠪᠠᠲᠤᠯᠠᠨ᠂ ᠨᠠᠮ ᠤᠨ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠡᠯ᠎ᠡ ᠲᠥᠷᠥᠯ ᠤᠨ ᠠᠩᠭᠢ ᠶᠢᠨ ᠵᠢᠭᠠᠨ ᠰᠤᠷᠭᠠᠯᠲᠠ ᠶᠢᠨ ᠲᠥᠯᠥᠪᠯᠡᠭᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠤᠬᠠᠭᠤᠯᠵᠤ ᠲᠤᠤᠱᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠲᠡᠰ ᠳᠠᠪᠬᠤᠷᠭ᠎ᠠ᠂ ᠤᠯᠠᠨ ᠬᠡᠯᠪᠡᠷᠢ᠂ ᠪᠦᠬᠦᠨ ᠢ ᠪᠦᠷᠬᠦᠬᠦᠯᠬᠦ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠤᠷᠭᠠᠭᠤᠯᠢ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭ᠎ᠠ ᠰᠠᠶᠢᠲᠤᠷ ᠬᠢᠵᠦ᠂ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠺᠠᠳ᠋ᠷ ᠤᠨ ᠬᠥᠮᠦᠵᠢᠯ ᠪᠣᠯᠪᠠᠰᠤᠷᠠᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠬᠢᠴᠢᠶᠡᠯ ᠤᠨ ᠪᠠᠶᠢᠷᠢᠯᠠᠭᠤᠯᠤᠯᠲᠠ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ᠂ ᠪᠠᠭᠰᠢ ᠶᠢᠨ ᠪᠠᠶᠢᠭᠤᠯᠤᠯᠲᠠ᠂ ᠰᠤᠷᠤᠭᠴᠢᠳ ᠤᠨ ᠬᠠᠮᠢᠶᠠᠷᠤᠯᠲᠠ ᠵᠡᠷᠭᠡ ᠲᠠᠯ᠎ᠠ ᠪᠠᠷ ᠤᠯᠤᠰ ᠲᠦᠷᠦᠴᠢ ᠴᠢᠨᠠᠷ ᠢ ᠲᠤᠪᠤᠶᠢᠯᠭᠠᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠰᠤᠷᠭᠠᠭᠤᠯᠢ ᠶᠢᠨ ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠢᠭᠠᠬᠤ ᠶᠢ ᠵᠢᠭᠠᠨ ᠰᠤᠷᠭᠠᠯᠲᠠ ᠶᠢᠨ ᠠᠩᠬᠠᠨ ᠤ ᠬᠢᠴᠢᠶᠡᠯ᠂ ᠭᠤᠣᠯ ᠬᠢᠴᠢᠶᠡᠯ᠂ ᠵᠠᠪᠠᠯ ᠰᠤᠷᠬᠤ ᠬᠢᠴᠢᠶᠡᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠪᠦᠬᠦ ᠲᠣᠭᠤᠷᠢᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵2024-2026 ᠣᠨ︶︾ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ᠭᠠᠵᠠᠷ ᠣᠷᠣᠨ ᠤ ᠣᠨᠴᠠᠯᠢᠭ ᠲᠠᠢ ᠰᠣᠳᠣᠨ ᠬᠢᠴᠢᠶᠡᠯ ᠢ ᠪᠠᠶᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠰᠤᠷᠲᠠᠯ ᠵᠢᠭᠠᠨ ᠰᠤᠷᠭᠠᠯᠲᠠ ᠶᠢᠨ ᠰᠤᠷᠲᠠᠯ ᠰᠤᠷᠤᠯᠴᠠᠬᠤ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠭᠠᠭᠤᠯᠢ ᠶᠢ ᠴᠢᠩᠭ᠎ᠠ ᠵᠠᠰᠠᠬᠤ᠂ ᠰᠤᠷᠭᠠᠨ ᠬᠥᠮᠦᠵᠢᠯ ᠢ ᠴᠢᠩᠭ᠎ᠠ ᠵᠠᠰᠠᠬᠤ᠂ ᠰᠤᠷᠤᠯᠴᠠᠯᠭ᠎ᠠ ᠶᠢ ᠴᠢᠩᠭ᠎ᠠ ᠵᠠᠰᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号