ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 13 ᠳ᠋ᠤᠭᠠᠷ ᠤᠳᠠᠭᠠᠨ ᠤ ᠵᠥᠪᠯᠡᠯ ᠤᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/2
      8 ᠰᠠᠷ᠎ᠠ ᠶᠢᠨ 1 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ‌ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 13 ᠳ᠋ᠤᠭᠠᠷ ᠤᠳᠠᠭᠠᠨ ᠤ ᠵᠥᠪᠯᠡᠯ ᠤᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠣᠭᠤᠯᠵᠣ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠣᠯᠤᠨ ᠭᠦᠨᠴᠡ ᠲᠡᠰᠢ ᠳᠠᠬᠢᠨᠲᠠ ᠤᠷᠤᠭᠰᠢᠯᠠᠬᠤ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠤᠯᠤᠰ ᠲᠦᠷᠦ ᠬᠠᠤᠯᠢ ᠴᠠᠭᠠᠵᠠ ᠶᠢᠨ ᠥᠭᠡᠷᠡᠴᠢᠯᠡᠯᠲᠡ ᠲᠠᠢ ᠬᠤᠯᠪᠣᠭᠳᠠᠬᠤ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠡᠵᠡᠮᠳᠡᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠰᠡᠳᠬᠢᠬᠦᠢ ᠪᠣᠯᠤᠨ ᠬᠠᠤᠯᠢᠵᠢᠯ ᠤᠨ ᠠᠷᠭ᠎ᠠ ᠬᠡᠯᠪᠡᠷᠢ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠨᠠᠮᠳᠠᠭᠤᠯᠬᠤ᠂ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ︽ᠬᠥᠭᠵᠢᠯᠲᠡ ᠶᠢ ᠡᠷᠢᠯᠬᠢᠯᠡᠬᠦ ᠳᠤ ᠡᠷᠬᠡᠪᠰᠢ ᠠᠮᠤᠷ ᠲᠦᠪᠰᠢᠨ ᠢ ᠡᠷᠢᠯᠬᠢᠯᠡᠵᠦ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠡᠷᠬᠡᠪᠰᠢ ᠠᠮᠤᠷ ᠲᠦᠪᠰᠢᠨ ᠢ ᠪᠠᠲᠤᠯᠠᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠢᠳᠡᠭᠡᠨ ᠤ ᠠᠮᠤᠷ ᠲᠦᠪᠰᠢᠨ ᠢ ᠬᠦᠨᠳᠦ ᠶᠡᠭᠡ ᠬᠤᠬᠢᠷᠠᠭᠤᠯᠤᠭᠰᠠᠨ ᠬᠦᠨᠳᠦ ᠶᠡᠭᠡ ᠶᠠᠯᠠᠲᠤ ᠬᠡᠷᠡᠭ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠢᠳᠡᠭᠡᠨ ᠤ ᠬᠦᠷᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠪᠠᠷ ᠲᠤᠯᠤᠭᠠᠶᠢᠯᠠᠭᠤᠯᠤᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠬᠦᠷᠢᠶᠡᠨ ᠳᠠᠬᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠡ ᠵᠠᠩᠭᠢ ᠶᠢᠨ ᠰᠦᠯᠵᠢᠶ᠎ᠡ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠶᠢᠰᠦᠨ ᠶᠡᠭᠡ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠬᠠᠷ᠎ᠠ ᠪᠦᠯᠦᠭᠲᠡᠨ ᠬᠠᠷᠭᠢᠰ ᠬᠦᠴᠦᠨ ᠤ ᠤᠯᠠᠨ ᠲᠦᠮᠡᠨ ᠢ ᠳᠠᠷᠤᠯᠠᠬᠤ᠂ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠶᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠪᠣᠯᠪᠠᠰᠤᠷᠠᠯ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠨᠠᠩ ᠣᠨᠣᠪᠴᠢᠲᠠᠶ᠂ ᠨᠠᠩ ᠦᠨ᠎ᠡ ᠥᠷᠲᠡᠭ ᠲᠠᠢ ᠰᠦᠪᠡᠭᠴᠢ ᠬᠠᠩᠭᠠᠬᠤ ᠬᠡᠷᠡᠭᠲᠡᠶ᠃      ᠬᠤᠷᠠᠯ ᠠᠴᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ︽ᠭᠤᠣᠯᠳᠠᠯᠭ᠎ᠠ ᠶᠢᠨ ᠲᠣᠭᠤᠷᠢᠨ ᠳᠤ᠂ ᠡᠩᠨᠡᠭᠡ ᠶᠢ ᠬᠦᠴᠦᠷᠬᠡᠭᠵᠢᠭᠦᠯᠵᠦ᠂ ᠤᠯᠠᠨ ᠲᠦᠮᠡᠨ ᠳᠤ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ︽ᠨᠠᠢᠮᠠᠨ ᠣᠳᠣᠨ ᠲᠡᠰ︾ ᠤᠨ ᠪᠠᠶᠢᠭᠤᠯᠭ᠎ᠠ ᠶᠢ ᠴᠢᠨᠠᠷ ᠰᠠᠶᠢᠲᠠᠢ ᠡᠭᠦᠳᠦᠨ ᠪᠠᠶᠢᠭᠤᠯᠬᠤ ᠪᠠ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠪᠠᠶᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ︽ᠠᠮᠤᠷ ᠠᠮᠤᠭᠤᠯᠠᠩ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠴᠢᠷᠮᠠᠶᠢᠨ ᠡᠭᠦᠳᠬᠦ ᠵᠡᠷᠭᠡ ᠤᠯᠤᠰ ᠲᠦᠷᠦ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ ᠢ ᠵᠡᠷᠭᠡᠪᠡᠷ ᠠᠬᠢᠭᠤᠯᠵᠤ᠂ ᠠᠭᠤᠰᠤᠯᠴᠠᠭᠤᠯᠤᠨ ᠬᠥᠭᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠴᠥᠬᠦᠷᠡᠰᠢ ᠦᠭᠡᠢ ᠰᠤᠷᠤᠯᠴᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠮᠡᠳᠡᠭᠡ ᠵᠠᠩᠭᠢ ᠶᠢ ᠨᠡᠶᠢᠲᠡᠯᠡᠬᠦ ︽ᠭᠤᠷᠪᠠ ᠶᠢ ᠬᠢᠨᠠᠬᠤ ᠭᠤᠷᠪᠠᠨ ᠰᠤᠷᠭᠠᠭᠤᠯᠢ︾ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠲᠤᠰ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠰᠠᠶᠢᠲᠤᠷ ᠠᠳᠬᠤᠬᠤ᠂ ᠦᠨᠳᠦᠰᠦᠨ ᠱᠠᠳᠤ ᠶᠢ ᠶᠡᠬᠡᠪᠡᠷ ᠠᠳᠬᠤᠵᠤ ᠰᠠᠭᠤᠷᠢ ᠶᠢ ᠴᠢᠩᠭᠠᠳᠬᠠᠬᠤ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠢᠯᠡᠳᠲᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号