ᠬᠠᠶᠢᠨᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/2
      8 ᠰᠠᠷ᠎ᠠ ᠶᠢᠨ 1 ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 8 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠵᠠᠩ ᠳ᠋ᠢᠩ ᠬᠤᠷᠠᠯ ᠢ ᠡᠷᠭᠢᠯᠡᠭᠰᠡᠨ ᠥᠬᠡᠶ ᠪᠥᠭᠡᠳ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠵᠢᠶᠦ᠋ᠨ ᠫᠢᠩ᠂ ᠵᠧᠤ ᠬᠤᠤ᠂ ᠪᠠᠶᠠᠷ ᠬᠤᠷᠠᠯ ᠳᠤ ᠣᠷᠣᠯᠴᠠᠵᠠᠶ᠃ ᠬᠤᠷᠠᠯ ᠠᠴᠠ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠢ ᠡᠷᠬᠢᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠬᠠᠮᠲᠤ ᠪᠠᠷ ᠰᠤᠷᠤᠯᠴᠠᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠪᠦᠬᠦᠳᠡ ᠬᠤᠷᠠᠯ ︽ᠲᠣᠭᠲᠠᠭᠠᠯ︾ ᠪᠣᠯ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠬᠤ ᠥᠷᠭᠡᠴᠡ ᠪᠣᠯᠤᠨ ᠭᠦᠨᠵᠡᠭᠡᠢ ᠤᠷᠤᠭᠰᠢᠯᠠᠯᠲᠠ ᠶᠢ ᠠᠬᠢᠭᠤᠯᠬᠤ ᠶᠡᠷᠦᠩᠬᠡᠢ ᠲᠠᠶᠢᠴᠢᠯᠠᠯᠳᠠ᠂ ᠶᠡᠷᠦᠩᠬᠡᠢ ᠪᠠᠶᠢᠷᠢᠯᠠᠭᠤᠯᠤᠯᠲᠠ ᠪᠣᠯᠤᠨ᠎ᠠ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠭᠦᠢᠴᠡᠳ ᠢᠯᠡᠷᠡᠭᠦᠯᠪᠡ᠃      ᠬᠤᠷᠠᠯ ᠠᠴᠠ᠂ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠪᠦᠬᠦᠳᠡ ᠬᠤᠷᠠᠯ ᠠᠴᠠ ᠲᠣᠳᠣᠷᠬᠠᠶᠢᠯᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠪᠦᠬᠦ ᠲᠤᠭᠤᠷᠢᠭ ᠤᠨ ᠭᠤᠣᠯ ᠠᠵᠢᠯ ᠪᠣᠯᠤᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠣᠣᠷ᠎ᠠ ᠬᠠᠭᠠᠰ ᠵᠢᠯ ᠤᠨ ᠡᠯ᠎ᠡ ᠵᠦᠢᠯ ᠤᠨ ᠪᠠᠶᠢᠴᠠᠭᠠᠨ ᠰᠤᠳᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠦᠷ᠎ᠡ ᠪᠦᠲᠦᠮᠵᠢ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠲᠣᠬᠢᠷᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠷᠠᠳ ᠤᠨ ᠰᠠᠨᠠᠭ᠎ᠠ ᠶᠢ ᠰᠢᠭᠤᠳ ᠨᠡᠪᠲᠡᠷᠡᠬᠦ ᠲᠡᠷᠭᠡ︾᠂ ︽ᠠᠷᠠᠳ ᠤᠨ ᠲᠥᠯᠥᠭᠡᠯᠡᠭᠴᠢᠳ ᠤᠨ ᠭᠡᠷ ᠪᠦᠯᠢ︾ ᠵᠡᠷᠭᠡ ᠠᠴᠢᠶᠠᠯᠠᠪᠤᠷᠢ ᠳᠤ ᠲᠦᠰᠢᠭᠯᠡᠨ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠳᠤ ᠤᠯᠠᠮᠵᠢᠯᠠᠵᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠵᠦ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号