ᠬᠠᠶᠢᠨᠠᠨ ᠲᠣᠭᠤᠷᠢᠭ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/20
      8 ᠰᠠᠷ᠎ᠠ ᠶᠢᠨ 19 ᠤ ᠡᠳᠦᠷ᠂ ᠬᠠᠶᠢᠨᠠᠨ ᠲᠣᠭᠤᠷᠢᠭ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠳᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠡᠳ᠋ ᠳᠠᠷᠤᠭ᠎ᠠ ᠵᠢᠶᠠᠩ ᠬᠦᠢ ᡁᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ ᠵᠢᠴᠢ ᠬᠤᠷᠠᠯ ᠤᠨ ᠵᠣᠷᠢᠭ ᠰᠠᠨᠠᠭ᠎ᠠ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠡᠷᠬᠢᠨ ᠬᠤᠪᠢᠷᠠᠭᠤᠯᠬᠤ ᠵᠡᠷᠭᠡ ᠤᠯᠠᠨ ᠲᠠᠯ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠪᠣᠯᠪᠠᠰᠤᠷᠠᠯ ᠬᠢᠵᠡᠢ᠃ ᠵᠢᠶᠠᠩ ᠪᠠᠭᠰᠢ ᠠᠮᠢᠳᠤᠯᠢᠭ ᠬᠡᠷᠡᠭ ᠤᠨ ᠵᠢᠱᠢᠶ᠎ᠡ ᠶᠢ ᠵᠠᠳᠠᠯᠬᠤ ᠪᠠ ᠭᠦᠨᠵᠡᠭᠡᠶ ᠪᠥᠭᠡᠳ ᠣᠶᠢᠯᠠᠭᠠᠮᠵᠢᠲᠠᠶ ᠦᠭᠡ ᠬᠡᠯᠡ ᠪᠠᠷ ᠳᠠᠮᠵᠢᠭᠤᠯᠤᠨ᠂ ᠬᠡᠶᠢᠰᠪᠦᠷᠢ ᠤᠨᠤᠯ ᠤᠨ ᠮᠡᠳᠡᠯᠭᠡ ᠶᠢ ᠪᠣᠳᠠᠲᠠᠶᠢᠵᠢᠭᠤᠯᠵᠤ᠂ ᠳᠦᠷᠰᠦᠯᠢᠭ ᠬᠡᠯᠪᠡᠷᠢᠵᠢᠭᠦᠯᠵᠦ᠂ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠵᠤ᠂ ᠤᠨᠤᠯ ᠤᠨ ᠭᠦᠨᠴᠡ ᠲᠠᠢ ᠪᠥᠭᠡᠳ ᠦᠢᠯᠡᠳᠦᠯᠭᠡ ᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠮᠥᠨᠴᠦ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠴᠢᠬᠤᠯᠠ ᠠᠵᠢᠯ ᠪᠣᠯᠤᠨ᠎ᠠ᠃ ᠤᠨᠤᠯ ᠤᠨ ᠤᠬᠠᠭᠤᠯᠤᠨ ᠲᠠᠶᠢᠯᠪᠤᠷᠢᠯᠠᠭᠴᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠤᠷᠤᠯᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠠᠨᠢᠯᠲᠠ ᠪᠠᠨ ᠭᠦᠨᠵᠡᠭᠡᠶᠢᠷᠡᠭᠦᠯᠵᠦ᠂ ᠦᠢᠯᠡᠳᠦᠯᠭᠡ ᠪᠠᠨ ᠴᠢᠩᠭᠠᠳᠬᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯᠯᠠᠭᠴᠢ ᠣᠶᠢᠯᠠᠭᠠᠭᠳᠠᠬᠤᠨ᠂ ᠭᠤᠣᠯᠯᠠᠬᠤ ᠵᠠᠷᠴᠢᠮ᠂ ᠵᠠᠩᠭᠢᠯᠠᠭ᠎ᠠ ᠶᠢᠨ ᠠᠯᠬᠤᠮ ᠳᠠᠷᠠᠭ᠎ᠠ ᠵᠢᠴᠢ ᠦᠨᠳᠦᠰᠦᠨ ᠡᠭᠦᠷᠭᠡ ᠶᠢ ᠡᠵᠡᠮᠳᠡᠵᠦ᠂ ᠠᠮᠢᠳᠤᠷᠠᠯ ᠲᠠᠢ ᠤᠢᠢᠷᠠᠳᠤᠭᠰᠠᠨ ᠦᠭᠡ ᠬᠡᠯᠡᠨ ᠤ ᠤᠷᠠᠯᠢᠭ᠂ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠤᠯᠠᠮᠵᠢᠯᠠᠬᠤ ᠠᠷᠭ᠎ᠠ ᠬᠡᠯᠪᠡᠷᠢ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠲᠣᠳᠣᠷᠬᠠᠢ ᠪᠥᠭᠡᠳ ᠨᠡᠪᠲᠡᠷᠬᠡᠢ ᠲᠠᠶᠢᠯᠪᠤᠷᠢᠯᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠬᠤᠷᠠᠯ ᠳᠤ ᠣᠷᠣᠯᠴᠠᠭᠰᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ︽ᠲᠠᠷᠢᠬᠢ ᠲᠣᠯᠣᠭᠠᠶ ᠳᠤ ᠬᠠᠳᠠᠩᠰᠢᠭᠤᠯᠵᠤ︾᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠬᠥᠲᠥᠯᠪᠦᠷᠢ ᠶᠢ ᠠᠰᠢᠭᠯᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠪᠰᠤᠷᠤᠨ ᠵᠢᠯᠣᠭᠤᠳᠬᠤ ᠤᠩᠰᠢᠬᠤ ᠪᠢᠴᠢᠭ ᠵᠡᠷᠭᠡ ᠰᠤᠷᠤᠯᠴᠠᠬᠤ ᠮᠠᠲ᠋ᠧᠷᠢᠶᠠᠯ ᠲᠠᠢ ᠤᠶᠠᠯᠳᠤᠭᠤᠯᠵᠤ᠂ ᠲᠣᠰ ᠰᠠᠯᠠᠭ᠎ᠠ ᠮᠥᠴᠢᠷ ᠲᠣᠰ ᠨᠢᠭᠡᠴᠡ ᠶᠢᠨ ᠢᠶᠠᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠮᠢᠳᠤᠯᠢᠭ ᠵᠢᠱᠢᠶ᠎ᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ︽ᠦᠨᠳᠦᠰᠦᠯᠡᠭᠦᠯᠬᠦ︾ ᠶᠢ ᠠᠬᠢᠭᠤᠯᠬᠤ ᠬᠡᠷᠡᠭᠲᠡᠶ᠃ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠠᠵᠢᠯ ᠣᠯᠭᠤᠯᠲᠠ ᠶᠢᠨ ᠪᠠᠲᠤᠯᠠᠭ᠎ᠠ᠂ ᠰᠤᠷᠭᠠᠨ ᠬᠥᠮᠦᠵᠢᠯ ᠤᠨ ᠶᠠᠰᠤ ᠴᠢᠨᠠᠷ᠂ ᠡᠮᠴᠢᠯᠡᠭᠡᠨ ᠤ ᠥᠭᠡᠷᠡᠴᠢᠯᠡᠯᠲᠡ᠂ ᠣᠷᠣᠯᠭ᠎ᠠ ᠶᠢᠨ ᠨᠡᠮᠡᠭᠳᠡᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠠᠷᠠᠳ ᠤᠨ ᠠᠮᠢᠳᠤᠷᠠᠯ ᠤᠨ ᠬᠠᠯᠠᠮᠰᠢᠯ ᠴᠡᠭ ᠪᠣᠯᠤᠨ ᠡᠪᠡᠷᠰᠢᠶᠡᠯ ᠳᠤ ᠨᠢᠭᠲᠠ ᠠᠩᠬᠠᠷᠤᠯ ᠢᠶᠠᠨ ᠲᠥᠪᠯᠡᠷᠡᠭᠦᠯᠵᠦ᠂ ᠠᠮᠢᠳᠤ ᠰᠣᠷᠭᠤᠭ ᠪᠥᠭᠡᠳ ᠠᠮᠢᠳᠤᠷᠠᠯ ᠳᠤ ᠤᠢᠢᠷᠠᠳᠤᠭᠰᠠᠨ ᠬᠡᠷᠡᠭ ᠤᠨ ᠵᠢᠱᠢᠶ᠎ᠡ ᠶᠢ ᠬᠡᠷᠡᠭᠯᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠨᠢ ᠡᠳᠡᠭᠡᠷ ᠠᠰᠠᠭᠤᠳᠠᠯ ᠢ ᠰᠢᠢᠳᠪᠦᠷᠢᠯᠡᠬᠦ ᠳᠤ ᠵᠠᠩᠭᠢᠯᠠᠭ᠎ᠠ ᠶᠢᠨ ᠴᠢᠨᠠᠷᠲᠠᠢ ᠠᠴᠢ ᠬᠤᠯᠪᠣᠭᠳᠠᠯ ᠪᠣᠯᠤᠨ ᠲᠤᠯᠭᠠᠮ ᠴᠢᠨᠠᠷᠲᠠᠢ ᠬᠡᠷᠡᠭᠴᠡᠭᠡ ᠶᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠬᠦ ᠬᠡᠷᠡᠭᠲᠡᠢ ᠭᠡᠵᠡᠢ᠃      ᠳᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠬᠢᠨ ᠲᠤᠰ ᠤᠳᠠᠭ᠎ᠠ ᠶᠢᠨ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ︽ᠠᠨᠠᠷ ᠤᠨ ᠴᠡᠴᠡᠭ ᠪᠠᠳᠠᠷᠠᠨ ᠳᠡᠯᠭᠡᠷᠡᠭᠰᠡᠨ︾᠂ ︽ᠬᠠᠶᠢᠷᠤᠪ ᠤᠨ ᠲᠤᠬᠤᠢ ᠶᠢᠨ ᠤᠬᠠᠭᠤᠯᠤᠨ ᠲᠠᠶᠢᠯᠪᠤᠷᠢᠯᠠᠬᠤ ᠠᠩᠬᠢ︾ ᠵᠡᠷᠭᠡ ᠤᠨᠴᠠᠯᠢᠬᠳᠤ ᠤᠨᠤᠯ ᠤᠨ ᠤᠬᠠᠭᠤᠯᠤᠨ ᠲᠠᠶᠢᠯᠪᠤᠷᠢᠯᠠᠬᠤ ᠪᠠᠭ᠎ᠠ ᠠᠩᠬᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠤᠯᠠᠨ ᠲᠦᠮᠡᠨᠴᠢᠯᠡᠭᠰᠡᠨ᠂ ᠡᠲᠡᠭᠡᠳᠴᠢᠯᠡᠭᠰᠡᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ︽ᠳᠤᠯᠤᠭ᠎ᠠ ᠶᠢ ᠣᠷᠣᠭᠤᠯᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠨᠡᠩ ᠥᠨᠳᠥᠷ ᠵᠣᠭᠰᠣᠴᠠ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号