ᠪᠠᠢ ᠴᠦᠨ ᠯᠸᠢ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/22
      8 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠴᠧᠨ ᠬᠠᠢ ᠰᠢᠶᠤᠤ᠂ ᠯᠢᠦ ᠲᠢᠶᠠᠨ ᠴᠢᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠨᠠᠷ ᠤᠷᠢᠳ ᠬᠤᠵᠢᠳ ᠵᠠᠳᠠᠭᠠᠶ ᠨᠡᠭᠦᠷᠡᠰᠦᠨ ᠠᠭᠤᠷᠬᠠᠶ ᠶᠢᠨ 5 ᠳ᠋ᠤᠭᠠᠷ ᠨᠣᠮᠧᠷᠲᠤ ᠡᠮᠬᠢᠯᠡᠨ ᠨᠡᠶᠢᠯᠡᠭᠦᠯᠬᠦ ᠣᠷᠣᠨ᠂ ᠤᠯᠤᠰ ᠤᠨ ᠡᠨᠧᠷᠭᠢ ᠶᠢᠨ ᠭᠦᠨ ᠤᠰᠤ ᠨᠡᠭᠦᠷᠡᠰᠦᠨ ᠠᠭᠤᠷᠬᠠᠶ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠨᠠᠷᠢᠨ ᠣᠶᠢᠯᠠᠭᠠᠪᠠ᠃ ᠲᠡᠷᠡ᠂ ᠠᠭᠤᠷᠬᠠᠢ ᠶᠢᠨ ᠡᠷᠬᠡ ᠶᠢ ᠨᠡᠶᠢᠳᠭᠡᠬᠦ ᠨᠢ ᠭᠠᠵᠠᠷ ᠣᠷᠣᠨ ᠤ ᠠᠯᠤᠰ ᠬᠡᠳᠦ ᠶᠢᠨ ᠬᠥᠭᠵᠢᠯᠲᠡ ᠲᠠᠢ ᠬᠤᠯᠪᠣᠭᠳᠠᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠶᠢᠳᠠᠯ ᠢ ᠤᠯᠠᠮ ᠴᠢᠨᠠᠭᠰᠢᠳᠠ ᠲᠣᠳᠣᠷᠬᠠᠢ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠯᠤᠰ ᠬᠡᠳᠦ ᠶᠢᠨ ᠬᠥᠭᠵᠢᠯᠲᠡ ᠶᠢᠨ ᠬᠠᠷᠠᠴᠠ ᠶᠢ ᠪᠤᠢ ᠪᠣᠯᠭᠠᠵᠤ᠂ ᠬᠤᠯᠪᠣᠭᠠᠯᠠᠨ ᠬᠠᠮᠵᠢᠯᠴᠠᠬᠤ ᠪᠠᠨ ᠴᠢᠩᠭᠠᠳᠬᠠᠵᠤ᠂ ᠠᠭᠤᠷᠬᠠᠢ ᠶᠢᠨ ᠡᠷᠬᠡ ᠶᠢ ᠨᠡᠶᠢᠳᠬᠡᠬᠦ ᠶᠢ ᠰᠢᠰᠲ᠋ᠧᠮ ᠲᠠᠢ ᠲᠥᠯᠥᠪᠵᠢᠭᠦᠯᠵᠦ᠂ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠦᠢᠯ ᠳᠠᠷᠠᠭᠠᠯᠠᠨ ᠰᠤᠳᠤᠯᠤᠨ ᠰᠢᠢᠳᠪᠦᠷᠢᠯᠡᠵᠦ᠂ ᠴᠠᠭ ᠮᠥᠴᠡ ᠶᠢ ᠠᠮᠵᠢᠨ ᠲᠦᠷᠭᠡᠨ ᠠᠬᠢᠭᠤᠯᠵᠤ᠂ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠨᠡᠶᠢᠳᠬᠡᠬᠦ ᠠᠵᠢᠯ ᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠨᠣᠯᠵᠢᠬᠤᠨ ᠢ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠵᠤ ᠬᠠᠮᠠᠭᠠᠯᠠᠬᠤ ᠪᠥᠬᠦ ᠶᠠᠪᠤᠴᠠ ᠳᠤ ᠦᠨᠡᠨ ᠬᠦ ᠲᠤᠤᠱᠯᠠᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠭᠤᠤᠯᠳᠠᠯᠭ᠎ᠠ᠂ ᠪᠠᠷᠢᠮᠵᠢᠶ᠎ᠠ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠵᠢᠭᠦᠯᠦᠨ ᠵᠢᠷᠤᠵᠤ ᠲᠥᠯᠥᠪᠯᠡᠵᠦ᠂ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号