ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/22
      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ 2024 ᠣᠨ ᠤ 8 ᠰᠠᠷ᠎ᠠ ᠶᠢᠨ 21 ᠤ ᠡᠳᠦᠷ ᠬᠤᠷᠠᠯᠳᠤᠪᠠ᠃ ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 25 ᠬᠥᠮᠦᠨ᠂ ᠣᠷᠣᠯᠠᠭᠴᠢ ᠭᠡᠰᠢᠭᠦᠨ 3 ᠬᠥᠮᠦᠨ ᠣᠷᠣᠯᠴᠠᠪᠠ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠡᠰᠡᠭ ᠲᠣᠭᠤᠷᠢᠭ ᠤᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃ ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠶᠠᠷᠢᠶ᠎ᠠ ᠲᠠᠯᠪᠢᠪᠠ᠃
   6.jpg
      8 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠥᠬᠦᠳᠡ ᠬᠤᠷᠠᠯ ᠤᠨ ᠠᠩᠬᠠᠳᠤᠭᠠᠷ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ︽ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠶᠠᠷᠢᠯᠴᠠᠬᠤ ᠨᠣᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠠ᠃
   5.jpg  
      8 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ  ᠲᠣᠭᠤᠷᠢᠭ  ᠤᠨ  ᠶᠢᠰᠦᠳᠦᠭᠡᠷ  ᠬᠤᠭᠤᠴᠠᠭᠠᠨ  ᠤ  ᠬᠤᠷᠢᠶᠠᠨ  ᠤ  ᠶᠢᠰᠦᠳᠦᠭᠡᠷ ᠪᠦᠬᠦᠳᠡ ᠬᠤᠷᠠᠯ  ᠬᠤᠷᠠᠯᠳᠤᠪᠠ᠃      ᠪᠦᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ︽ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭ᠋᠊‍ᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠢᠦᠢ ᡁᠢ ᠶᠦᠩ ︽ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠢ ᠭᠦᠢᠴᠡᠳ ᠨᠤᠲᠠᠯᠠᠪᠠ᠃ ᠡᠨᠡ ᠵᠢᠯ ᠠᠴᠠ ᠨᠠᠰᠢ᠂ ᠲᠤᠭᠤᠷᠢᠭ ᠤᠨ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠤᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠪᠣᠯᠤᠨ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠵᠢᠴᠢ ᠬᠠᠶᠢᠨᠠᠨ ᠲᠣᠭᠤᠷᠢᠭ ᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠭᠦᠨᠵᠡᠭᠡᠢ ᠠᠬᠢᠭᠤᠯᠵᠤ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠠᠬᠢᠴᠠ ᠲᠠᠢ ᠪᠣᠯᠵᠠᠢ ᠬᠡᠵᠡᠢ᠃      ᠪᠦᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠬᠤᠢ ᠪᠠᠶᠢᠳᠠᠯ ᠪᠠ ᠪᠠᠶᠢᠷᠢ ᠲᠣᠭᠲᠠᠭᠠᠯᠲᠠ᠂ ᠬᠠᠨᠳᠤᠰᠢ ᠪᠠ ᠠᠭᠤᠯᠤᠭᠳᠠᠬᠤᠨ ᠢ ᠣᠨᠣᠪᠴᠢᠲᠠᠢ ᠣᠶᠢᠯᠠᠭᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠲᠦᠷᠦ ᠶᠢᠨ ᠪᠤᠳᠤᠯᠭ᠎ᠠ ᠶᠢ ᠰᠠᠶᠢᠲᠤᠷ ᠣᠶᠢᠯᠠᠭᠠᠵᠤ᠂ ᠤᠬᠠᠮᠰᠠᠷ ᠠᠴᠠ ᠪᠠᠨ ᠥᠭᠡᠷᠡᠴᠢᠯᠡᠯᠲᠡ ᠶᠢᠨ ᠦᠢᠯᠡᠳᠦᠯᠭᠡ ᠶᠢ ᠵᠢᠯᠤᠭᠤᠳᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠶ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠤᠶᠠᠯᠳᠤᠭᠤᠯᠵᠤ᠂ ᠠᠵᠢᠯ ᠤᠨ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠴᠢᠩᠭ᠎ᠠ ᠠᠩᠬᠠᠷᠴᠤ᠂ ᠨᠢᠭᠡ ᠴᠤᠭᠴᠠᠵᠢᠭᠤᠯᠤᠨ ᠰᠤᠷᠤᠯᠴᠠᠵᠤ᠂ ᠪᠦᠬᠦᠯᠢ ᠴᠣᠭᠴᠠ ᠪᠠᠷ ᠡᠵᠡᠮᠳᠡᠵᠦ᠂ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠶ ᠰᠡᠳᠦᠪᠲᠦ ᠪᠣᠯᠪᠠᠰᠤᠷᠠᠯ ᠪᠠ ᠡᠭᠡᠯᠵᠢᠯᠡᠨ ᠪᠣᠯᠪᠠᠰᠤᠷᠠᠭᠤᠯᠬᠤ ᠶᠢ ᠪᠦᠯᠦᠭ ᠤᠳᠠᠭ᠎ᠠ ᠬᠤᠪᠢᠶᠠᠨ ᠥᠷᠨᠢᠭᠦᠯᠵᠦ᠂ ᠪᠥᠬᠦ ᠲᠠᠯ᠎ᠠ ᠪᠠᠷ᠂ ᠣᠯᠠᠨ ᠬᠠᠷᠠᠭᠠᠰᠤ᠂ ᠭᠦᠨ ᠳᠠᠪᠬᠤᠷᠭ᠎ᠠ ᠠᠴᠠ ᠰᠠᠶᠢᠲᠤᠷ ᠤᠬᠠᠭᠤᠯᠤᠨ ᠲᠠᠶᠢᠯᠪᠤᠷᠢᠯᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠬᠤ ᠬᠡᠷᠡᠭᠲᠡᠶ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠦᠨᠳᠦᠰᠦᠨ ᠠᠭᠤᠯᠭ᠎ᠠ᠂ ᠥᠭᠡᠷᠡᠴᠢᠯᠡᠯᠲᠡ ᠶᠢᠨ ᠲᠥᠰᠦᠯ ᠢ ᠬᠢᠨᠠᠨ ᠬᠠᠷᠭᠤᠭᠤᠯᠬᠤ ᠤᠷᠢᠳᠠᠴᠢ ᠨᠥᠬᠦᠴᠡᠯ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠦᠨᠡᠯᠡᠬᠦ ᠴᠢᠬᠤᠯᠠ ᠪᠠᠷᠢᠮᠵᠢᠶ᠎ᠠ ᠪᠣᠯᠭᠠᠵᠤ᠂ ᠲᠡᠭᠦᠨ ᠢ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ᠂ ᠪᠦᠬᠦ ᠶᠠᠪᠤᠴᠠ ᠳᠤ ᠢᠯᠡᠷᠡᠭᠦᠯᠬᠦ ᠬᠡᠷᠡᠭᠲᠡᠶ᠃ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠥᠬᠦ ᠬᠦᠴᠦᠨ ᠢᠶᠠᠷ ᠢᠶᠠᠨ ᠡᠭᠦᠳᠴᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠨᠠᠩ ᠲᠡᠭᠦᠯᠳᠡᠷᠵᠢᠭᠰᠡᠨ ᠪᠠᠶᠢᠭᠤᠯᠤᠯ ᠢ ᠪᠠᠶᠢᠭᠤᠯᠵᠤ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠲᠠᠰᠤᠷᠠᠯᠲᠠ ᠥᠬᠡᠶ ᠥᠷᠭᠡᠳᠬᠡᠨ᠎ᠡ᠃ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠶᠢᠭᠤᠯᠤᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠪᠠ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠠᠶᠢᠨᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠳᠣᠯᠤᠭ᠎ᠠ ᠶᠢ ᠵᠠᠰᠠᠬᠤ︾ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠠᠬᠢᠵᠢᠭᠦᠯᠵᠦ᠂ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠨᠢᠭᠡ ᠴᠣᠭᠴᠠᠵᠢᠭᠤᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠪᠠᠶᠢᠴᠠᠭᠠᠨ ᠬᠡᠮᠵᠢᠬᠦ ᠪᠠ ᠬᠠᠤᠯᠢ ᠬᠡᠷᠡᠭᠵᠢᠭᠦᠯᠬᠦ ᠶᠢ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠯᠠᠪᠳᠠᠭᠤᠨ ᠪᠠᠲᠤᠲᠠᠶ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠡᠯ᠎ᠡ ᠲᠥᠷᠥᠯ ᠤᠨ ᠬᠠᠮᠲᠤᠯᠢᠭ ᠤᠨ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠲᠣᠭᠲᠠᠴᠠ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠬᠤᠲᠠ ᠬᠥᠳᠡᠭᠡ ᠶᠢᠨ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ᠂ ᠠᠭᠤᠰᠤᠯᠴᠠᠨ ᠬᠥᠭᠵᠢᠬᠦ ᠶᠢ ᠠᠬᠢᠭᠤᠯᠵᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠨ᠎ᠡ᠃ ᠨᠡᠶᠢᠭᠡᠮ ᠤᠨ ᠵᠠᠰᠠᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠭᠦᠨᠵᠡᠭᠡᠢ ᠬᠥᠭᠵᠢᠭᠦᠯᠵᠦ᠂ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠬᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠤᠯᠤᠰ ᠤᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠲᠦᠷᠢᠮ ᠪᠠ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠭᠦᠨᠵᠡᠭᠡᠢ ᠠᠬᠢᠭᠤᠯᠵᠤ᠂ ᠠᠶᠤᠯᠭᠦᠢ ᠦᠢᠯᠡᠳᠪᠦᠷᠢᠯᠡᠯ᠂ ᠪᠠᠶᠢᠭᠠᠯᠢ ᠶᠢᠨ ᠭᠠᠮᠰᠢᠭ ᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠵᠦ ᠦᠨᠡᠯᠡᠨ ᠵᠢᠱᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢᠨ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠨᠡᠩ ᠥᠨᠳᠥᠷ ᠲᠦᠪᠰᠢᠨ ᠪᠦᠬᠦᠢ ︽ᠠᠮᠤᠷ ᠠᠮᠤᠭᠤᠯᠠᠩ ᠬᠠᠶᠢᠨᠠᠨ︾ ᠢ ᠪᠦᠳᠦᠭᠡᠨ ᠪᠠᠶᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠤᠮᠵᠢ ᠪᠣᠯᠤᠨ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠵᠤ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠲᠦᠷᠢᠮ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ᠂ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠵᠡᠷᠭᠡ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠠᠷᠢᠭᠤᠴᠠᠯᠭ᠎ᠠ ᠡᠭᠦᠷᠭᠡᠯᠡᠬᠦ ᠶᠢ ᠰᠢᠯᠢᠳᠡᠭᠵᠢᠭᠦᠯᠬᠦ ᠰᠢᠨ᠎ᠡ ᠠᠷᠭ᠎ᠠ ᠵᠠᠮ ᠪᠣᠯᠭᠠᠵᠤ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃      ᠪᠦᠬᠦᠳᠡ ᠬᠤᠷᠠᠯ ᠠᠴᠠ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠡᠷᠬᠡᠪᠰᠢ ᠪᠠᠶᠢᠯᠳᠤᠬᠤ ᠪᠤᠳᠤᠯᠭ᠎ᠠ ᠶᠢᠨ ᠰᠡᠳᠬᠢᠬᠦᠢ ᠪᠣᠯᠤᠨ ᠪᠦᠬᠦ ᠲᠠᠯ᠎ᠠ ᠶᠢᠨ ᠬᠠᠷᠠᠴᠠ ᠪᠠᠨ ᠳᠡᠭᠡᠭᠰᠢᠯᠡᠭᠦᠯᠵᠦ᠂ ᠬᠠᠶᠢᠨᠠᠨ ᠠᠴᠠ ᠭᠠᠷᠴᠤ ᠬᠠᠶᠢᠨᠠᠨ ᠢ ᠬᠠᠷᠠᠵᠤ᠂ ᠦᠬᠠᠢ ᠠᠴᠠ ᠭᠠᠷᠴᠤ ᠬᠠᠶᠢᠨᠠᠨ ᠢ ᠬᠠᠷᠠᠵᠤ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠶᠡᠭᠡ ᠲᠠᠯ᠎ᠠ ᠶᠢᠨ ᠮᠥᠨ ᠴᠢᠨᠠᠷ ᠢ ᠲᠣᠳᠣᠷᠬᠠᠢ ᠲᠠᠨᠢᠵᠤ᠂ ᠬᠥᠭᠵᠢᠯᠲᠡ ᠶᠢᠨ ᠶᠡᠭᠡ ᠬᠠᠨᠳᠤᠰᠢ ᠪᠣᠯᠤᠨ ᠲᠤᠰ ᠪᠡᠶ᠎ᠡ ᠶᠢᠨ ᠳᠠᠪᠠᠭᠤᠯᠢᠭ ᠢ ᠡᠵᠡᠮᠳᠡᠵᠦ᠂ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠲᠤᠬᠢᠷᠠᠭᠤᠯᠤᠯᠲᠠ ᠪᠠᠶᠢᠷᠢᠯᠠᠭᠤᠯᠤᠯᠲᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠥᠬᠦᠴᠡᠯ ᠢ ᠡᠷᠬᠢᠮᠯᠡᠬᠦ ᠦᠭᠡᠢ᠂ ᠳᠤᠲᠠᠭᠤ ᠲᠤᠷᠭᠤᠨ ᠬᠢᠬᠦ ᠦᠭᠡᠢ᠂ ᠥᠭᠡᠷᠡᠴᠢᠯᠡᠯᠲᠡ ᠶᠢ ᠬᠤᠪᠢᠷᠠᠭᠤᠯᠬᠤ ᠦᠭᠡᠢ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠪᠢᠲᠡᠭᠦᠮᠵᠢᠯᠡᠨ ᠬᠠᠮᠠᠭᠠᠯᠠᠬᠤ ᠦᠵᠡᠯᠲᠡ ᠪᠠᠨ ᠤᠯᠠᠮ ᠴᠢᠨᠠᠭᠰᠢᠳᠠ ᠬᠤᠪᠢᠷᠠᠭᠤᠯᠵᠤ᠂ ᠦᠨᠳᠦᠰᠦᠨ ᠱᠠᠳᠤ ᠪᠣᠯᠤᠨ ᠤᠯᠠᠨ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠢᠳᠡᠪᠬᠢᠲᠡᠢ ᠪᠠᠳᠠᠷᠠᠭᠤᠯᠵᠤ᠂ ︽ᠲᠤᠯᠤᠭᠠᠨ ᠵᠦᠢᠯ ᠤᠨ ᠤᠬᠠᠮᠰᠠᠷ︾ ᠢ ᠳᠡᠭᠡᠭᠰᠢᠯᠡᠭᠦᠯᠵᠦ᠂ ᠵᠣᠷᠢᠭᠲᠠᠢ ᠪᠠᠷ ᠵᠣᠷᠪᠤᠰ ᠠᠴᠠ ᠭᠠᠷᠴᠤ ᠵᠣᠷᠢᠭᠲᠠᠢ ᠪᠠᠷ ᠰᠥᠰᠥ ᠵᠣᠷᠢᠭ ᠭᠠᠷᠭᠠᠵᠤ᠂ ᠵᠣᠷᠢᠭᠲᠠᠢ ᠪᠠᠷ ᠲᠤᠷᠰᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠠᠶᠢᠯᠬᠤ ᠰᠡᠳᠬᠢᠬᠦᠢ︾ ᠪᠣᠯᠤᠨ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠵᠦ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠳᠠ ᠬᠥᠳᠡᠭᠡ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠥᠭᠵᠢᠯᠲᠡ ᠶᠢᠨ ᠳᠤᠮᠳᠠᠬᠢ ᠵᠥᠷᠢᠴᠡᠯ ᠢ ᠪᠦᠲᠦᠮᠵᠢᠲᠡᠢ ᠰᠢᠢᠳᠪᠦᠷᠢᠯᠡᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠶᠢ ᠠᠷᠭᠠᠴᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠶᠢ ᠶᠡᠬᠡᠪᠡᠷ ᠬᠥᠭᠵᠢᠭᠦᠯᠵᠦ᠂ ︽ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠬᠤ᠂ ᠬᠡᠷᠡᠭᠴᠡᠭᠡ ᠶᠢ ᠠᠷᠠᠳ ᠠᠴᠠ ᠠᠰᠠᠭᠤᠬᠤ᠂ ᠠᠷᠭ᠎ᠠ ᠪᠤᠳᠤᠯᠭ᠎ᠠ ᠶᠢ ᠠᠷᠠᠳ ᠠᠴᠠ ᠠᠰᠠᠭᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠶᠠᠭᠤ ᠶᠢ ᠬᠠᠯᠠᠮᠵᠢᠯᠠᠬᠤ᠂ ᠶᠠᠭᠤ ᠶᠢ ᠬᠦᠰᠡᠨ ᠡᠷᠡᠮᠡᠯᠵᠡᠬᠦ ᠶᠢ ᠪᠡᠶᠡᠯᠡᠭᠦᠯᠵᠦ᠂ ᠥᠭᠡᠷᠡᠴᠢᠯᠡᠯᠲᠡ ᠳᠤ ᠶᠠᠭᠤ ᠶᠢ ᠠᠳᠬᠤᠵᠤ᠂ ᠶᠠᠭᠤ ᠶᠢ ᠠᠬᠢᠭᠤᠯᠵᠤ᠂ ᠪᠣᠳᠠᠲᠤ ᠠᠮᠵᠢᠯᠲᠠ ᠪᠦᠲᠦᠮᠵᠢ ᠪᠣᠯᠤᠨ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠤᠬᠠᠮᠰᠠᠷ ᠢᠶᠠᠨ ᠴᠢᠩᠭᠠᠳᠬᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠵᠥᠪ ᠢᠶᠠᠷ ᠲᠠᠨᠢᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ︽ᠨᠡᠶᠢᠲᠡ ᠶᠢᠨ ᠠᠰᠠᠷᠠᠮᠵᠢ ᠶᠢᠨ ᠵᠠᠬ᠎ᠠ ᠳᠡᠯᠭᠡᠭᠦᠷ︾ ᠤᠨ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠨᠡᠩ ᠢᠯᠡᠭᠦᠦ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠨᠡᠭᠡᠭᠡᠯᠲᠡᠲᠦ ᠦᠵᠡᠯᠲᠡ ᠶᠢ ᠪᠠᠲᠤ ᠪᠣᠶ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤ ᠦᠢᠯᠡᠴᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠲᠦᠷᠭᠡᠨ ᠤ ᠲᠡᠮᠦᠷ ᠵᠠᠮ ᠤᠨ ᠰᠦᠯᠵᠢᠶ᠎ᠡ ᠶᠢ ᠠᠰᠢᠭᠯᠠᠨ ᠡᠯ᠎ᠡ ᠲᠦᠷᠦᠯ ᠤᠨ ᠡᠬᠢ ᠪᠠᠶᠠᠯᠢᠭ ᠢ ᠲᠠᠲᠠᠵᠤ ᠬᠠᠶᠢᠨᠠᠨ ᠳᠤ ᠰᠢᠯᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠤᠷᠢᠳᠴᠢᠯᠠᠨ ᠲᠥᠯᠥᠪᠵᠢᠭᠦᠯᠵᠦ᠂ ᠨᠡᠩ ᠤᠯᠠᠨ ᠴᠢᠨᠠᠷ ᠰᠠᠶᠢᠲᠠᠢ ᠡᠬᠢ ᠪᠠᠶᠠᠯᠢᠭ᠂ ᠰᠢᠨ᠎ᠡ ᠶᠢ ᠡᠭᠦᠳᠬᠦ ᠡᠯᠧᠮᠧᠨ᠋ᠲ᠂ ᠳᠡᠭᠡᠳᠦ ᠲᠡᠰ ᠤᠨ ᠴᠢᠳᠠᠪᠤᠷᠢᠲᠠᠨ ᠢ ᠥᠪᠡᠷ ᠲᠡᠭᠡᠨ ᠬᠡᠷᠡᠭᠯᠡᠬᠦ ᠬᠡᠷᠡᠭᠲᠡᠢ᠃      ᠪᠥᠬᠦᠳᠡ ᠬᠤᠷᠠᠯ ᠠᠴᠠ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ︾ ᠶᠢᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠠᠶᠢᠳᠠᠪᠤᠷᠢᠵᠢᠭᠤᠯᠤᠯᠲᠠ ᠶᠢ ᠢᠮᠠᠭᠲᠠ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠣᠳᠠᠲᠤ ᠦᠷ᠎ᠡ ᠪᠦᠲᠦᠮᠵᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠰᠢᠨ᠎ᠡ ᠬᠠᠭᠤᠳᠠᠰᠤ ᠶᠢ ᠰᠢᠨ᠎ᠡ ᠠᠬᠢᠴᠠ ᠲᠠᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︽ᠲᠠᠪᠤᠨ ᠶᠡᠭᠡ ᠡᠭᠦᠷᠭᠡ︾ ᠶᠢ ᠬᠦᠴᠦ ᠪᠠᠨ ᠲᠥᠪᠯᠡᠷᠡᠭᠦᠯᠦᠨ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠦᠴᠦᠯᠡᠨ ᠠᠬᠢᠭᠤᠯᠵᠤ᠂ ᠦᠬᠠᠢ ᠬᠤᠳᠠ ᠶᠢᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠠᠵᠢᠯ︾ ᠪᠣᠯᠤᠨ ᠬᠠᠶᠢᠨᠠᠨ ᠲᠣᠭᠤᠷᠢᠭ ᠤᠨ ︽ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ︾ ᠶᠢ ᠪᠣᠳᠠᠲᠠᠢ ᠠᠳᠬᠤᠵᠤ᠂ ︽ᠲᠠᠪᠤᠨ ᠶᠡᠭᠡ ᠡᠭᠦᠷᠭᠡ︾ ᠶᠢᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠪᠣᠳᠠᠲᠠᠢ ᠠᠭᠤᠯᠭ᠎ᠠ᠂ ᠬᠡᠷᠡᠭᠵᠢᠭᠦᠯᠬᠦ ᠲᠥᠰᠦᠯ ᠪᠣᠯᠤᠨ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠲᠠᠢ ᠵᠦᠢᠯ ᠵᠤᠷᠪᠤᠰ ᠳᠠᠷᠠᠭᠠᠯᠠᠨ ᠬᠠᠷᠭᠤᠭᠤᠯᠵᠤ᠂ ᠪᠦᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠳᠤᠲᠠᠭᠤᠳᠠᠯ ᠢ ᠪᠠᠶᠢᠴᠠᠭᠠᠨ ᠨᠥᠬᠦᠪᠥᠷᠢᠯᠡᠵᠦ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠡᠷᠭᠢᠯᠲᠡ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠠᠵᠢᠯ ᠢ ᠬᠦᠴᠦᠯᠡᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠭᠤᠤᠯ ᠰᠢᠵᠢᠮ ᠢ ᠪᠣᠳᠠᠲᠠᠶ ᠪᠥᠭᠡᠳ ᠪᠦᠲᠦᠮᠵᠢᠲᠡᠶ ᠨᠠᠶᠢᠳᠠᠪᠤᠷᠢᠵᠢᠭᠤᠯᠵᠤ᠂ ᠠᠵᠢᠯ ᠤᠨ ᠭᠤᠤᠯ ᠱᠤᠭᠤᠮ ᠤᠨ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠭᠦᠨᠵᠡᠭᠡᠶ ᠠᠬᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠡᠮᠳᠡᠭ ᠢ ᠦᠷᠭᠦᠯᠵᠢᠯᠡᠨ ᠡᠭᠦᠳᠴᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ︽ᠲᠤᠯᠤᠭᠠᠨ ᠵᠢᠱᠢᠶᠡᠴᠢ ᠪᠣᠯᠤᠭᠰᠠᠨ︾ ᠳᠡᠭᠡᠷ᠎ᠡ ᠬᠠᠶᠢᠨᠠᠨ ᠲᠣᠭᠤᠷᠢᠭ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠪᠠᠷ ᠴᠢᠷᠮᠠᠶᠢᠨ᠎ᠠ᠃      ᠪᠦᠬᠦᠳᠡ ᠬᠤᠷᠠᠯ ᠠᠴᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠠᠷᠤᠯᠲᠠ ᠥᠭᠴᠦ ᠬᠦᠴᠦ ᠣᠷᠣᠭᠤᠯᠤᠨ ᠡᠯ᠎ᠡ ᠵᠦᠢᠯ ᠤᠨ ᠠᠵᠢᠯ ᠢ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠳᠤᠲᠠᠭᠤᠳᠠᠯ ᠢ ᠰᠠᠨᠠᠭᠠᠴᠢᠯᠠᠭ᠎ᠠ ᠠᠴᠠ ᠪᠠᠨ ᠨᠥᠬᠦᠪᠦᠷᠢᠯᠡᠵᠦ᠂ ᠠᠵᠤ ᠠᠬᠤᠢ ᠶᠢᠨ ᠶᠡᠭᠡ ᠲᠠᠯ᠎ᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠬᠤ᠂ ᠲᠥᠷᠥᠯ ᠵᠦᠢᠯ ᠤᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠣᠷᠣᠨ ᠤ ᠠᠵᠤ ᠦᠢᠯᠡᠰ ᠤᠨ ᠪᠦᠲᠦᠴᠡ ᠶᠢ ᠦᠨᠡᠨᠬᠦ ᠪᠣᠬᠢᠷᠲᠤᠯ ᠦᠭᠡᠢ᠂ ᠤᠶᠤᠨᠴᠢᠯᠠᠭᠰᠠᠨ᠂ ᠳᠡᠭᠡᠳᠦ ᠲᠡᠰᠵᠢᠭᠰᠡᠨ ᠲᠡᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ᠂ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠳᠡᠭᠡᠭᠰᠢᠯᠡᠭᠦᠯᠵᠦ᠂ ᠠᠮᠢ ᠠᠬᠤᠶ ᠶᠢᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠳᠤᠮᠳᠠ ᠠᠷᠠᠳ ᠣᠯᠠᠨ ᠤ ᠰᠡᠳᠬᠢᠯ ᠵᠢᠷᠦᠬᠡ ᠪᠠᠨ ᠬᠤᠯᠪᠣᠭᠰᠠᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠠ ᠡᠳᠦᠷ ᠢᠷᠡᠬᠦᠶ᠎ᠡ ᠲᠦᠷᠦᠭᠳᠡᠵᠦ ᠪᠠᠶᠢᠭ᠎ᠠ ᠵᠠᠩᠭᠢᠯᠠᠭ᠎ᠠ ᠶᠢᠨ ᠪᠠᠭ᠎ᠠ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ ᠠᠶᠤᠯᠭᠦᠢ ᠦᠢᠯᠡᠳᠪᠦᠷᠢᠯᠡᠯ ᠤᠨ ︽ᠭᠤᠷᠪᠠᠨ ᠬᠠᠷᠢᠭᠤᠴᠠᠯᠭ᠎ᠠ︾ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠡᠮᠬᠢ ᠵᠢᠷᠤᠮ ᠲᠠᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠥᠬᠦ ᠲᠠᠯ᠎ᠠ ᠪᠠᠷ ᠲᠣᠭᠠᠯᠠᠨ ᠪᠦᠷᠢᠳᠬᠡᠵᠦ᠂ ᠴᠠᠭ ᠲᠤᠬᠠᠶ ᠳᠤᠨᠢ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠳᠤ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ ᠶᠢ ᠡᠷᠲᠡᠬᠡᠨ ᠥᠷᠨᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠨᠠᠷᠢᠯᠢᠭ ᠣᠨᠣᠴᠠᠲᠠᠶ ᠪᠠᠷ ᠲᠥᠯᠥᠪᠵᠢᠭᠦᠯᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠶᠡᠭᠡ ᠲᠠᠯ᠎ᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠶ᠃      ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠽᠧᠩ ᠴᠦᠨ ᠴᠢ᠂ ᠯᠢᠦ ᠴᠢ ᠲᠤᠤ 2 ᠨᠥᠬᠦᠷ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠣᠷᠣᠯᠠᠭᠴᠢ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠵᠤ᠂ ᠤᠷᠳᠤ ᠬᠤᠭᠤᠴᠠᠭ᠎ᠠ ᠪᠠᠷ ᠴᠢᠷᠮᠠᠶᠢᠬᠤ ᠡᠷᠴᠢ ᠵᠣᠷᠢᠭ ᠢᠶᠠᠨ ᠪᠠᠲᠤᠯᠠᠵᠤ᠂ ᠡᠯ᠎ᠡ ᠵᠦᠢᠯ ᠤᠨ ᠡᠭᠦᠷᠭᠡ ᠪᠠᠨ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠰᠢᠯᠢᠳᠡᠭ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ︽ᠭᠤᠷᠪᠠᠨ ᠥᠨᠳᠥᠷ︾ ᠤᠨ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号