ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/22
      8 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠬᠤᠷᠠᠯᠳᠤᠪᠠ᠃
5.jpg
      ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠡ ᠬᠤᠷᠠᠯ ᠳᠤ ᠠᠵᠢᠯ ᠢᠶᠠᠨ ᠮᠡᠳᠡᠭᠦᠯᠬᠦ ᠶᠢᠨ ᠬᠠᠮᠲᠤ ︽ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠲᠣᠳᠣᠷᠬᠠᠶᠢᠯᠠᠯᠲᠠ ᠬᠢᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠢ ᠴᠦᠨ ᠯᠸᠢ ᠣᠷᠣᠯᠴᠠᠪᠠ᠃      ᠡᠨᠡ ᠤᠳᠠᠭ᠎ᠠ ᠶᠢᠨ ᠪᠦᠬᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠨᠡ ᠵᠢᠯ ᠠᠴᠠ ᠨᠠᠰᠢᠬᠢ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号