ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/23
      8 ᠰᠠᠷ᠎ᠠ ᠶᠢᠨ 22 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 12 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ 2024 ᠣᠨ ᠤ 12 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽︿ᠦᠨᠡᠨ﹀ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠤᠨ ᠲᠤᠬᠠᠢ ᠲᠣᠳᠣᠷᠬᠠᠶᠢᠯᠠᠯᠲᠠ︾᠂ ᠦᠬᠠᠢ ᠬᠤᠳᠠ ᠶᠢᠨ ᠨᠠᠮ ᠤᠨ ᠬᠤᠷᠢᠶᠠᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ︾ ᠢ ᠨᠡᠶᠢᠲᠡᠯᠡᠵᠦ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ ᠲᠣᠣᠷ ᠢ ᠨᠢᠭᠲᠠ ᠰᠦᠯᠵᠢᠵᠦ᠂ ᠠᠮᠤᠷ ᠲᠦᠪᠰᠢᠨ ᠤ ᠨᠡᠭᠡᠯᠡᠭᠡᠢ ᠶᠢ ᠴᠢᠩᠭᠠᠯᠠᠵᠤ᠂ ᠪᠡᠯᠡᠳᠬᠡᠯ ᠳᠠᠶᠢᠯᠠᠯᠳᠤᠭᠠᠨ ᠢ ᠰᠠᠶᠢᠲᠤᠷ ᠬᠢᠵᠦ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠤᠨ ᠲᠣᠳᠣᠷᠬᠠᠶᠢᠯᠠᠯᠲᠠ︾ ᠶᠢᠨ ᠵᠣᠷᠢᠭ ᠰᠠᠨᠠᠭ᠎ᠠ ᠪᠣᠯᠤᠨ ᠦᠬᠠᠢ ᠬᠤᠳᠠ ᠶᠢᠨ ᠨᠠᠮ ᠤᠨ ᠬᠤᠷᠢᠶᠠᠨ ᠤ ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠵᠤ᠂ ᠠᠷᠠᠳ ᠲᠤ ᠠᠰᠢᠭ ᠬᠦᠷᠲᠡᠭᠡᠬᠦ ᠶᠢ ᠴᠥᠬᠦᠷᠡᠰᠢ ᠦᠭᠡᠢ ᠠᠳᠬᠤᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠮᠤᠷ ᠲᠦᠪᠰᠢᠨ ᠬᠥᠭᠵᠢᠯᠲᠡ ᠶᠢ ᠬᠠᠮᠠᠭᠠᠯᠠᠬᠤ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃      ᠬᠤᠷᠠᠯ ᠠᠴᠠ ᠪᠠᠰᠠ ᠪᠦᠬᠦ ᠲᠤᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠰᠢᠨ᠎ᠡ ᠪᠠᠶᠢᠳᠠᠯ ᠳᠣᠣᠷ᠎ᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠨᠠᠭᠰᠢᠳᠠ ᠴᠢᠩᠭᠠᠳᠬᠠᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠶᠢᠨᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ︽ᠭᠤᠷᠪᠠ ᠶᠢ ᠪᠠᠲᠤᠯᠠᠬᠤ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠳ᠋ᠦᠩᠨᠡᠨ ᠪᠤᠳᠤᠵᠤ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号