ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 14 ᠳ᠋ᠦ᠋ᠭᠡᠷ ᠤᠳᠠᠭᠠᠨ ᠤ ᠨᠠᠮ ᠤᠨ ᠬᠤᠷᠢᠶᠠᠨ ᠤ ᠶᠠᠪᠤᠳᠠᠯ ᠤᠨ ᠬᠤᠷᠠᠯ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/26
      8 ᠰᠠᠷ᠎ᠠ ᠶᠢᠨ 23 ᠤ ᠡᠳᠦᠷ᠂ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ 2024 ᠣᠨ ᠤ 14 ᠳ᠋ᠦ᠋ᠭᠡᠷ ᠤᠳᠠᠭᠠᠨ ᠤ ᠨᠠᠮ ᠤᠨ ᠬᠤᠷᠢᠶᠠᠨ ᠤ ᠶᠠᠪᠤᠳᠠᠯ ᠤᠨ ᠬᠤᠷᠠᠯ ︵ᠥᠷᠭᠡᠳᠬᠡᠭᠰᠡᠨ︶ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠬᠠᠶᠢᠨᠠᠨ ᠲᠣᠭᠤᠷᠢᠭ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠴᠧᠨ ᠸᠧᠨ ᠴᠢᠩ ᠤᠨ ᠨᠡᠷ᠎ᠡ ᠪᠢᠴᠢᠭᠰᠡᠨ ᠵᠣᠬᠢᠶᠠᠯ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ︾᠂ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠶᠢᠨ ᠪᠠᠢ ᠭᠤᠸᠠᠩᠰᠢ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠦᠬᠠᠢ ᠬᠤᠳᠠ ᠶᠢᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ᠂ ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ︽ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠲᠥᠰᠦᠯ︾ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠦᠬᠠᠢ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠢᠭᠡ ᠴᠤᠬᠴᠠᠵᠢᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠠᠬᠤᠢ ᠪᠠᠶᠢᠳᠠᠯ ᠪᠠ ᠪᠠᠶᠢᠷᠢ ᠲᠣᠭᠲᠠᠭᠠᠯᠲᠠ᠂ ᠬᠠᠨᠳᠤᠰᠢ ᠪᠠ ᠠᠭᠤᠯᠤᠭᠳᠠᠬᠤᠨ ᠢ ᠪᠦᠬᠦ ᠲᠠᠯ᠎ᠠ ᠪᠠᠷ ᠣᠨᠣᠪᠴᠢᠲᠠᠢ ᠣᠶᠢᠯᠠᠭᠠᠵᠤ᠂ ᠥᠭᠡᠷᠡᠴᠢᠯᠡᠯᠲᠡ ᠶᠢᠨ ᠴᠢᠭᠯᠡᠯ ᠢ ᠣᠨᠣᠪᠴᠢᠲᠠᠢ ᠡᠵᠡᠮᠳᠡᠵᠦ᠂ ᠲᠦᠷᠦ ᠶᠢᠨ ᠪᠤᠳᠤᠯᠭ᠎ᠠ ᠶᠢ ᠰᠠᠶᠢᠲᠤᠷ ᠣᠶᠢᠯᠠᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ︾ ᠢ ᠰᠢᠰᠲ᠋ᠧᠮ ᠲᠠᠢ ᠲᠥᠯᠥᠪᠵᠢᠭᠦᠯᠦᠨ ᠪᠠᠶᠢᠷᠢᠯᠠᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢᠨ ᠡᠭᠦᠷᠭᠡ ᠶᠢ ᠰᠢᠰᠲ᠋ᠧᠮ ᠲᠠᠢ ᠲᠥᠯᠥᠪᠵᠢᠭᠦᠯᠦᠨ ᠪᠠᠶᠢᠷᠢᠯᠠᠭᠤᠯᠵᠤ᠂ ᠪᠣᠳᠠᠲᠤ ᠠᠮᠵᠢᠯᠲᠠ ᠪᠦᠲᠦᠮᠵᠢ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠪᠠᠷ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ᠃      ᠬᠤᠷᠠᠯ ᠠᠴᠠ᠂ ᠤᠯᠤᠰ ᠲᠦᠷᠦ ᠬᠠᠤᠯᠢ ᠴᠠᠭᠠᠵᠠ ᠶᠢᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠪᠠ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠴᠢᠳᠠᠪᠤᠷᠢ ᠪᠠ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠬᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠣᠯᠭ᠎ᠠ ᠶᠢ ᠴᠢᠩᠭᠠᠳᠬᠠᠬᠤ ︽ᠭᠤᠤᠯ ᠵᠢᠭᠰᠠᠭᠠᠯ ᠤᠨ ᠭᠠᠵᠠᠷ︾ ᠪᠣᠯᠭᠠᠨ ᠪᠠᠶᠢᠭᠤᠯᠵᠤ᠂ ᠣᠯᠠᠨ ᠲᠦᠮᠡᠨ ᠳᠤ ᠮᠡᠳᠡᠭᠦᠯᠵᠦ᠂ ᠳᠤᠷᠠᠲᠠᠶ ᠪᠣᠯᠭᠠᠬᠤ ᠬᠡᠷᠡᠭᠲᠡᠶ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号