ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/8/27
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠶᠢᠨ ᠲᠥᠯᠥᠭᠡ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ 8 ᠰᠠᠷ᠎ᠠ ᠶᠢᠨ 26 ᠤ ᠡᠳᠦᠷ᠂ ᠪᠠᠶᠠᠨᠲᠣᠬᠤᠶ ᠪᠠᠯᠭᠠᠰᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠯᠭᠠᠰᠤᠨ ᠤ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠶᠠᠩ ᠹᠠᠩ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢ ᠳ᠋ᠠᠨ ᠶᠠᠩ᠂ ᠰᠢᠩ ᠢᠦᠢ ᠬᠤᠷᠠᠯ ᠳᠤ ᠣᠷᠣᠯᠴᠠᠵᠤ ᠲᠣᠭᠤᠷᠢᠨ ᠦᠵᠡᠵᠦ ᠰᠤᠯᠠ ᠣᠷᠣᠯᠴᠠᠵᠠᠢ᠃      ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠬᠡᠰᠡᠭ ᠤᠳ ᠢ ᠬᠠᠮᠲᠤᠪᠠᠷ ᠰᠤᠷᠤᠯᠴᠠᠭᠰᠠᠨ ᠪᠥᠭᠡᠳ ᠰᠤᠷᠤᠯᠴᠠᠬᠤ ᠠᠭᠤᠯᠭ᠎ᠠ ᠲᠠᠢ ᠨᠢᠭᠲᠠ ᠤᠶᠠᠯᠳᠤᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ ᠲᠡᠰ ᠳᠠᠷᠠᠭᠠᠯᠠᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠡᠯᠲᠡᠰ ᠤᠨ ᠳᠠᠷᠤᠭ᠎ᠠ ᠶᠠᠩ ᠹᠠᠩ ᠲᠤᠰ ᠤᠳᠠᠭ᠎ᠠ ᠶᠢᠨ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠭᠦᠢᠴᠡᠳ ᠨᠤᠲᠠᠯᠠᠵᠤ᠂ ᠲᠤᠰ ᠤᠳᠠᠭ᠎ᠠ ᠶᠢᠨ ᠰᠤᠷᠤᠯᠴᠠᠯᠭ᠎ᠠ ᠶᠢᠨ ᠪᠡᠯᠡᠳᠬᠡᠯ ᠭᠦᠢᠴᠡᠳ᠂ ᠲᠡᠰ ᠳᠠᠷᠠᠭᠠᠯᠠᠯ ᠵᠢᠷᠤᠮᠵᠢᠯ ᠲᠠᠢ᠂ ᠭᠤᠣᠯ ᠰᠡᠳᠦᠪ ᠲᠥᠪᠯᠡᠷᠡᠩᠭᠦᠢ ᠪᠠᠶᠢᠵᠤ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠬᠤ ᠳᠠᠭᠠᠨ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠥᠪᠡᠷ ᠢ ᠪᠠᠨ ᠦᠨᠡᠨ ᠬᠦ ᠪᠠᠭᠲᠠᠭᠠᠵᠤ᠂ ᠠᠵᠢᠯ ᠢᠶᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠵᠤ᠂ ᠭᠦᠨᠵᠡᠭᠡᠢ ᠰᠡᠳᠬᠢᠨ ᠰᠦᠪᠡᠭᠴᠢᠯᠡᠵᠦ᠂ ᠦᠷ᠎ᠡ ᠪᠦᠲᠦᠭᠡᠯ ᠢᠶᠠᠨ ᠪᠣᠳᠠᠲᠠᠢ ᠬᠤᠪᠢᠷᠠᠭᠤᠯᠵᠤ᠂ ᠬᠠᠷᠢᠯᠴᠠᠨ ᠰᠤᠷᠤᠯᠴᠠᠵᠤ ᠰᠤᠷᠭᠠᠨ ᠬᠥᠮᠦᠵᠢᠯ ᠢ ᠡᠬᠢᠯᠡᠭᠦᠯᠬᠦ ᠵᠣᠷᠢᠯᠭ᠎ᠠ ᠳᠠᠭᠠᠨ ᠬᠦᠷᠴᠡᠢ᠃ ᠡᠭᠦᠨ ᠤ ᠬᠠᠮᠲᠤ ᠳᠠᠷᠠᠭᠠᠴᠢ ᠶᠢᠨ ᠠᠯᠬᠤᠮ ᠳᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ ᠰᠠᠨᠠᠭᠤᠯᠭ᠎ᠠ ᠳᠤᠷᠠᠳᠴᠤ᠂ ᠤᠨᠤᠯ ᠤᠨ ᠰᠤᠷᠤᠯᠴᠠᠯᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ ᠢᠮᠠᠭᠲᠠ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠤᠨ ᠰᠢᠨ᠎ᠡ ᠴᠢᠬᠤᠯᠠ ᠶᠠᠷᠢᠶ᠎ᠠ ᠪᠠ ᠵᠣᠬᠢᠶᠠᠯ ᠢ ᠴᠠᠭ ᠲᠤᠬᠠᠢ ᠳᠤᠨᠢ ᠳᠠᠭᠠᠵᠤ ᠰᠤᠷᠤᠯᠴᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠢᠭᠡ ᠳᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠳᠡᠬᠦ ᠬᠡᠷᠡᠭᠲᠡᠢ᠃ ᠪᠥᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠮᠥᠨ ᠴᠢᠨᠠᠷ ᠢ ᠨᠢ ᠤᠶᠢᠯᠠᠭᠠᠨ᠂ ᠪᠦᠬᠦᠨ ᠢ ᠬᠠᠮᠤᠷᠤᠭᠰᠠᠨ ᠰᠤᠷᠤᠯᠴᠠᠯᠭ᠎ᠠ᠂ ᠪᠥᠬᠦ ᠲᠠᠯ᠎ᠠ ᠶᠢᠨ ᠤᠬᠠᠭᠤᠯᠭ᠎ᠠ᠂ ᠪᠥᠬᠦ ᠬᠦᠷᠢᠶᠡᠨ ᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠡᠷᠡ ᠶᠣᠰᠣᠭᠠᠷ ᠨᠢ ᠠᠬᠢᠭᠤᠯᠬᠤ ᠬᠡᠷᠡᠭᠲᠡᠶ᠃ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠶᠢ ᠭᠦᠢᠴᠡᠳ ᠠᠰᠢᠭᠯᠠᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢ ᠬᠦᠴᠦᠯᠡᠨ ᠰᠠᠶᠢᠲᠤᠷ ᠬᠢᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠵᠣᠬᠢᠶᠠᠨ ᠪᠠᠶᠢᠭᠤᠯᠤᠨ ᠲᠡᠷᠡ ᠬᠡᠪ ᠢᠶᠠᠷ ᠨᠢ ᠰᠤᠷᠤᠯᠴᠠᠭᠤᠯᠵᠤ᠂ ᠦᠭᠡ ᠥᠭᠦᠯᠡᠪᠦᠷᠢ ᠳᠠᠷᠠᠭᠠᠯᠠᠨ ᠰᠤᠷᠤᠯᠴᠠᠭᠤᠯᠵᠤ᠂ ᠨᠠᠷᠢᠨ ᠬᠢᠨᠠᠮᠠᠭᠠᠢ ᠰᠤᠷᠤᠯᠴᠠᠭᠤᠯᠵᠤ᠂ ᠦᠨᠡᠨᠬᠦ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠢ ᠡᠵᠡᠮᠳᠡᠨ᠎ᠡ᠃ ᠬᠤᠶᠠᠷ ᠲᠤ᠂ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠲᠠᠢ ᠨᠢᠭᠲᠠ ᠤᠶᠠᠯᠳᠤᠭᠤᠯᠵᠤ᠂ ᠤᠬᠠᠭᠤᠯᠭ᠎ᠠ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠦᠷ᠎ᠡ ᠪᠦᠲᠦᠮᠵᠢ ᠶᠢ ᠥᠷᠭᠡᠳᠬᠡᠵᠦ᠂ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠲᠤ ᠠᠯᠪᠠᠨ ᠤ ᠡᠷᠬᠡ ᠰᠦᠷᠲᠦ ᠵᠠᠭᠤᠴᠢᠯᠠᠭᠤᠷ ᠤᠨ ᠲᠤᠬᠠᠢ ᠪᠦᠬᠦᠳᠡ ᠬᠤᠷᠠᠯ ᠤᠨ ᠤᠬᠠᠭᠤᠯᠭ᠎ᠠ ᠮᠡᠳᠡᠭᠡᠯᠡᠯ ᠪᠠ ᠲᠠᠶᠢᠯᠤᠮᠵᠢ ᠶᠢ ᠰᠢᠯᠵᠢᠭᠦᠯᠦᠨ ᠬᠦᠷᠭᠡᠵᠦ᠂ ᠪᠦᠬᠦ ᠪᠠᠯᠭᠠᠰᠤᠨ ᠳᠤ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠭᠠᠷᠭᠠᠬᠤ ᠬᠡᠷᠡᠭᠲᠡᠢ᠃ ᠭᠤᠷᠪᠠ ᠳᠤ᠂ ᠲᠤᠰ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠨ᠎ᠡ ᠬᠥᠭᠵᠢᠯᠲᠡ ᠶᠢᠨ ᠵᠠᠭᠪᠤᠷ ᠪᠣᠯᠤᠨ ᠠᠵᠢᠯ ᠤᠨ ᠠᠷᠭ᠎ᠠ ᠶᠢ ᠵᠣᠷᠢᠭᠲᠠᠢ ᠪᠠᠷ ᠰᠦᠪᠡᠭᠴᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠠᠤᠭ᠎ᠠ ᠵᠢᠷᠤᠭ ᠲᠥᠯᠥᠪᠯᠡᠭᠡ ᠪᠣᠯᠤᠨ ᠡᠯ᠎ᠡ ᠵᠦᠢᠯ ᠤᠨ ᠡᠭᠦᠷᠭᠡ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠲᠠᠷᠠᠭᠠᠴᠢ ᠶᠢᠨ ᠠᠯᠬᠤᠮ ᠳᠤ᠂ ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶ᠎ᠠ ᠲᠣᠰ ᠤᠳᠠᠭᠠᠨ ᠤ ᠲᠣᠭᠤᠷᠢᠨ ᠰᠣᠨᠣᠰᠴᠤ ᠰᠤᠯᠠ ᠰᠣᠨᠣᠰᠬᠤ ᠪᠠᠷ ᠠᠵᠠ ᠲᠣᠬᠢᠶᠠᠯ ᠪᠣᠯᠭᠠᠵᠤ᠂ ᠳᠡᠭᠡᠳᠦ ᠱᠠᠲᠤᠨ ᠤ ᠤᠳᠤᠷᠢᠳᠤᠯᠭ᠎ᠠ ᠶᠢᠨ ᠵᠢᠯᠣᠭᠤᠳᠬᠤ ᠰᠠᠨᠠᠯ ᠶᠣᠰᠣᠭᠠᠷ᠂ ᠰᠤᠷᠤᠯᠴᠠᠬᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ ᠠᠭᠤᠯᠭ᠎ᠠ ᠪᠠᠨ ᠪᠠᠶᠠᠯᠢᠭᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠣᠳᠠᠲᠠᠶ ᠠᠰᠠᠭᠤᠳᠠᠯ ᠢ ᠰᠢᠶ᠋ᠳᠪᠦᠷᠢᠯᠡᠬᠦ ᠴᠢᠳᠠᠪᠤᠷᠢ ᠪᠠ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠩᠭᠠᠳᠬᠠᠵᠤ᠂ ᠰᠤᠷᠤᠯᠴᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠶᠢᠵᠢᠭᠤᠯᠤᠨ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号