ᠪᠠᠶᠠᠨᠲᠤᠬᠤᠢ ᠪᠠᠯᠭᠠᠰᠤ 2024 ᠣᠨ ᠤ 20 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2024 ᠣᠨ ᠤ 20 ᠳ᠋ᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢᠨ ᠰᠤᠷᠤᠯᠴᠠᠬᠤ ᠮᠠᠲ᠋ᠧᠷᠢᠶᠠᠯ ᠤᠨ ᠡᠮᠬᠢᠳᠬᠡᠯ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ ︵ᠬᠡᠰᠡᠭ︶ ᠢ ᠰᠣᠩᠭᠤᠬᠤ ᠬᠤᠶᠠᠳᠤᠭᠠᠷ ᠪᠦᠯᠦᠭ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠦᠷᠢᠮ﹀ ᠢ ᠲᠤᠭᠤᠰᠢᠯᠠᠭᠤᠯᠬᠤ ᠬᠡᠷᠡᠭᠵᠢᠭᠦᠯᠬᠦ ᠠᠷᠭ᠎ᠠ ︵ᠬᠡᠰᠡᠭ︶︾᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ ︵ᠬᠡᠰᠡᠭ︶ ᠢ ᠰᠣᠩᠭᠤᠬᠤ ᠨᠢᠭᠡᠳᠦᠭᠡᠷ ᠪᠦᠯᠦᠭ︶︾ ᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠳᠤ ᠲᠦᠢᠯ ᠤᠨ ᠬᠠᠷᠢᠭᠤᠴᠠᠯᠭ᠎ᠠ ᠲᠠᠢ ᠪᠠᠶᠢᠬᠤ ᠵᠣᠷᠢᠭ ᠰᠠᠨᠠᠭ᠎ᠠ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠷᠠᠳ ᠤᠯᠠᠨ ᠤ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠩᠭ᠎ᠠ ᠬᠢᠨᠠᠨ ᠬᠠᠮᠢᠶᠠᠷᠴᠤ᠂ ᠠᠷᠠᠳ ᠤᠯᠠᠨ ᠢ ᠰᠠᠨᠠᠭ᠎ᠠ ᠠᠮᠤᠷ ᠪᠠᠶᠢᠯᠭᠠᠬᠤ ᠬᠡᠷᠡᠭᠲᠡᠢ︔ ᠡᠯ᠎ᠡ ᠵᠦᠢᠯ ᠤᠨ ᠵᠥᠷᠢᠴᠡᠯ ᠤᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠪᠠ ᠬᠦᠴᠢᠷᠳᠡᠯ ᠢ ᠰᠢᠢᠳᠪᠦᠷᠢᠯᠡᠬᠦ ᠵᠡᠷᠭᠡ ᠲᠠᠯ᠎ᠠ ᠪᠠᠷ ᠭᠤᠣᠯᠳᠠᠭᠤᠯᠵᠤ᠂ ᠪᠦᠬᠦ ᠪᠠᠯᠭᠠᠰᠤᠨ ᠤ ᠬᠡᠪᠴᠢᠶᠡᠨ ᠳᠠᠬᠢ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠦᠰ᠂ ᠭᠤᠣᠯᠳᠠᠯᠭ᠎ᠠ ᠲᠠᠢ ᠬᠥᠮᠦᠰ ᠲᠤ ᠠᠵᠢᠯ ᠤᠨ ᠡᠬᠡ ᠳᠠᠩᠰᠠ ᠪᠠᠶᠢᠭᠤᠯᠵᠤ᠂ ᠡᠴᠦᠰ ᠲᠤᠨᠢ ᠲᠤᠯᠲᠠᠯ᠎ᠠ ᠲᠣᠭᠠᠯᠠᠵᠤ᠂ ᠪᠠᠶᠢᠳᠠᠯ ᠢ ᠲᠣᠳᠣᠷᠬᠠᠶᠢᠯᠠᠵᠤ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠨᠠᠮ ᠤᠨ ᠭᠡᠰᠢᠭᠦᠨ ᠢ ᠡᠯᠰᠡᠬᠦ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠨᠠᠮ ᠤᠨ ᠭᠡᠰᠢᠭᠦᠨ ᠢ ᠡᠯᠰᠡᠬᠦ ᠪᠣᠯ ᠨᠠᠮ ᠤᠨ ᠪᠠᠶᠢᠭᠤᠯᠤᠯᠲᠠ ᠶᠢᠨ ᠰᠠᠭᠤᠷᠢ ᠴᠢᠨᠠᠷᠲᠠᠢ ᠠᠵᠢᠯ ᠮᠥᠨ᠂ ᠨᠠᠮ ᠤᠨ ᠲᠡᠷᠢᠭᠦᠨ ᠤ ᠴᠢᠨᠠᠷ ᠪᠠ ᠠᠷᠢᠭᠤᠨ ᠴᠡᠪᠡᠷ ᠴᠢᠨᠠᠷ ᠢ ᠪᠠᠲᠤᠯᠠᠬᠤ᠂ ᠨᠠᠮ ᠤᠨ ᠨᠢᠭᠲᠠᠷᠠᠯ ᠤᠨ ᠬᠦᠴᠦᠨ ᠪᠠ ᠲᠠᠶᠢᠴᠢᠨ ᠬᠦᠴᠦᠨ ᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠨᠠᠮ ᠤᠨ ᠭᠡᠰᠢᠭᠦᠨ ᠤ ᠪᠠᠷᠢᠮᠵᠢᠶ᠎ᠠ ᠶᠢ ᠴᠢᠩᠭ᠎ᠠ ᠪᠠᠷᠢᠮᠲᠠᠯᠠᠵᠤ᠂ ᠬᠥᠮᠦᠵᠢᠯ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠨᠢᠭᠡᠪᠦᠷᠢ ᠴᠥᠮ ᠨᠡᠯᠢᠶᠡᠳ ᠥᠨᠳᠥᠷ ᠤᠯᠤᠰ ᠲᠦᠷᠦ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠷᠢᠯᠳᠦᠭᠦᠯᠬᠦ ᠶᠢ ᠪᠠᠲᠤᠯᠠᠵᠤ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号