ᠢᠦᠶ ᡁᠢ ᠶᠦᠩ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠬᠠᠯᠠᠭᠤᠨ ᠳᠤᠯᠠᠭᠠᠨ ᠢᠨᠵᠧᠨᠧᠷᠢᠩ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠡᠷᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ ᠣᠷᠣᠯᠴᠠᠪᠠ᠃      ᠳ᠋ᠧ ᠱᠦᠨ ᠰᠠᠭᠤᠭᠠᠯᠢ ᠠᠷᠠᠳ ᠤᠨ ᠲᠣᠭᠤᠷᠢᠭ᠂ ᠵᠧᠨ ᠰᠢᠩ ᠰᠠᠭᠤᠭᠠᠯᠢ ᠠᠷᠠᠳ ᠤᠨ ᠲᠣᠭᠤᠷᠢᠭ ᠲᠤ᠂ ᠢᠦᠢ ᡁᠢ ᠶᠦᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠦᠬᠠᠢ ᠬᠤᠳᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠳᠤ᠂ ᠢᠦᠢ ᡁᠢ ᠶᠦᠩ ᠰᠤᠷᠭᠠᠭᠤᠯᠢ ᠶᠢᠨ ᠬᠢᠴᠢᠶᠡᠯ ᠤᠨ ᠭᠡᠷ᠂ ᠬᠤᠭᠤᠯᠠᠨ ᠭᠡᠷ᠂ ᠪᠠᠶᠢᠷᠢ᠂ ᠲᠠᠮᠢᠷ ᠤᠨ ᠲᠠᠯᠠᠪᠠᠢ ᠵᠡᠷᠭᠡ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠤᠷᠭᠠᠭᠤᠯᠢ᠂ ᠪᠠᠷᠢᠯᠭ᠎ᠠ ᠪᠠᠷᠢᠬᠤ ᠨᠢᠭᠡᠴᠡ ᠪᠠᠷᠢᠯᠭ᠎ᠠ ᠶᠢᠨ ᠬᠠᠷᠠᠯᠲᠠ ᠶᠢᠨ ᠲᠥᠯᠥᠪᠯᠡᠭᠡ ᠶᠣᠰᠣᠭᠠᠷ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠰᠤᠷᠭᠠᠭᠤᠯᠢ ᠶᠢᠨ ᠲᠣᠭᠲᠠᠭᠰᠠᠨ ᠬᠤᠭᠤᠴᠠᠭᠠᠨ ᠳᠠᠭᠠᠨ ᠠᠰᠢᠭᠯᠠᠯᠲᠠ ᠳᠤ ᠣᠷᠣᠬᠤ ᠶᠢ ᠪᠠᠲᠤᠯᠠᠬᠤ ᠶᠢᠨ ᠬᠠᠮᠲᠤ ︽ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠡᠷᠬᠢᠯᠡᠬᠦ︾ ᠪᠠᠷ ᠵᠣᠷᠢᠯᠲᠠ ᠪᠣᠯᠭᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠩᠭᠠᠳᠬᠠᠬᠤ ᠲᠠᠯ᠎ᠠ ᠪᠠᠷ ᠬᠦᠴᠦ ᠣᠷᠣᠭᠤᠯᠵᠤ᠂ ᠰᠤᠷᠤᠭᠴᠢᠳ ᠲᠤ ᠭᠡᠷ ᠤᠨ ᠡᠭᠦᠳᠡᠨ ᠳᠤ ᠪᠠᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠡᠳ᠋ᠯᠡᠭᠦᠯᠬᠦ ᠬᠡᠷᠡᠭᠲᠡᠢ᠃      ᠬᠠᠶᠢᠨᠠᠨ ᠲᠣᠭᠤᠷᠢᠭ ᠤᠨ ᠷᠠᠰᠢᠵᠦ᠋ᠩ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠂ ᠢᠦᠢ ᡁᠢ ᠶᠦᠩ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠦᠯᠢᠶᠡᠨ ᠠᠪᠴᠤ ᠡᠮᠨᠡᠭᠦᠯᠬᠦ ᠬᠡᠮᠵᠢᠶ᠎ᠡ ᠪᠣᠯᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠣᠷᠣ ᠶᠢᠨ ᠪᠠᠶᠢᠷᠢᠯᠠᠭᠤᠯᠤᠯᠲᠠ᠂ ᠢᠳᠡᠭᠡᠨ ᠤᠮᠳᠠᠭᠠᠨ ᠢ ᠲᠤᠬᠢᠷᠠᠭᠤᠯᠬᠤ᠂ ᠣᠷᠴᠢᠨ ᠲᠣᠭᠤᠷᠢᠨ ᠤ ᠴᠢᠳᠠᠪᠬᠢ ᠶᠢᠨ ᠪᠠᠶᠢᠷᠢᠰᠢᠭᠤᠯᠤᠯᠲᠠ᠂ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠩᠭᠢᠯᠠᠭ᠎ᠠ ᠶᠢᠨ ᠬᠦᠷᠢᠶ᠎ᠡ ᠪᠣᠯᠤᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠬᠡᠷᠡᠭᠴᠡᠭᠡ ᠠᠴᠠ ᠡᠭᠦᠰᠴᠦ᠂ ᠲᠦᠷᠦ ᠶᠢᠨ ᠪᠤᠳᠤᠯᠭ᠎ᠠ᠂ ᠪᠡᠯᠡ ᠮᠥᠩᠭᠦ ᠵᠡᠷᠭᠡ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠦᠢᠯᠡᠴᠢᠯᠡᠭᠡᠨ ᠤ ᠬᠠᠩᠭᠠᠯᠭ᠎ᠠ ᠶᠢ ᠴᠢᠨᠠᠭᠰᠢᠳᠠ ᠨᠡᠮᠡᠭᠳᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠯᠠᠨ ᠲᠦᠮᠡᠨ ᠤ ᠤᠯᠠᠨ ᠶᠠᠩᠵᠤᠯᠠᠭᠰᠠᠨ᠂ ᠤᠯᠠᠨ ᠲᠡᠰ ᠳᠠᠪᠬᠤᠷᠭ᠎ᠠ ᠶᠢᠨ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠦᠨᠡᠨᠬᠦ ᠬᠠᠩᠭᠠᠬᠤ ᠬᠡᠷᠡᠭᠲᠡᠢ᠃      ᠢᠦᠶ ᡁᠢ ᠶᠦᠩ ︽ᠳᠤᠯᠠᠭᠠᠨ ᠢᠨᠵᠧᠨᠧᠷᠢᠩ︾ ᠤᠨ ᠢᠯᠴᠢ ᠬᠠᠩᠭᠠᠬᠤ ᠬᠤᠭᠤᠯᠠᠶ ᠶᠢᠨ ᠲᠣᠤᠷ᠂ ᠢᠵᠢ ᠪᠥᠷᠢᠳᠦᠭᠦᠯᠬᠦ ᠲᠥᠬᠦᠭᠡᠷᠦᠮᠵᠢ ᠶᠢᠨ ᠥᠭᠡᠷᠡᠴᠢᠯᠡᠯᠲᠡ ᠵᠢᠴᠢ ᠲᠡᠯᠡᠶ ᠶᠢᠨ ᠴᠠᠬᠢᠯᠭᠠᠨ ᠤ ᠢᠯᠴᠢ ᠰᠣᠯᠢᠯᠴᠠᠬᠤ ᠥᠷᠲᠡᠭᠡ ᠶᠢᠨ ᠪᠠᠷᠢᠯᠭ᠎ᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠂ ᠲᠡᠷᠡ ᠬᠡᠯᠡᠬᠦ ᠳᠡᠭᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠡᠵᠡᠮᠳᠡᠵᠦ᠂ ᠴᠠᠭ ᠢᠶᠠᠨ ᠤᠷᠤᠭᠰᠢᠯᠠᠵᠤ᠂ ᠪᠠᠷᠢᠯᠭ᠎ᠠ ᠶᠢᠨ ᠬᠤᠭᠤᠴᠠᠭ᠎ᠠ ᠪᠠᠨ ᠡᠮᠦᠨᠡᠰᠢᠯᠡᠭᠦᠯᠵᠦ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠠᠳᠬᠤᠵᠤ᠂ ᠪᠠᠷᠢᠯᠭ᠎ᠠ ᠶᠢᠨ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠤᠷᠤᠭᠰᠢᠲᠠᠶ ᠠᠵᠢᠯ ᠢᠶᠠᠨ ᠳᠠᠭᠤᠰᠬᠠᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠡᠪᠦᠯ ᠤᠨ ᠤᠯᠠᠷᠢᠯ ᠤᠨ ᠢᠯᠴᠢ ᠬᠠᠩᠭᠠᠬᠤ ᠬᠡᠷᠡᠭᠴᠡᠭᠡ ᠶᠢ ᠬᠠᠩᠭᠠᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号