ᠪᠥᠬᠦ ᠲᠣᠭᠤᠷᠢᠭ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠬᠤᠷᠠᠯᠳᠤᠪᠠ ᠪᠠᠢ ᠴᠦᠨ ᠯᠸᠢ ᠬᠤᠷᠠᠯ ᠡᠷᠬᠢᠯᠡᠵᠦ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/8/27
      8 ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠲᠠ ᠶᠢᠨ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠡᠯ᠎ᠡ ᠳᠡᠳ᠋ ᠲᠣᠭᠤᠷᠢᠭ ᠤᠨ ᠳᠠᠷᠤᠭ᠎ᠠ ᠣᠷᠣᠯᠴᠠᠪᠠ᠃      ᠬᠤᠷᠠᠯ ᠳᠡᠭᠡᠷ᠎ᠡ᠂ ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠢ ᠨᠥᠭᠡᠴᠡᠯᠡᠬᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠳᠥᠷᠪᠡᠨ ᠲᠥᠷᠥᠯ ᠤᠨ ᠬᠤᠭᠤᠯᠠᠶ ᠶᠢᠨ ᠲᠣᠤᠷ ᠢ ᠥᠭᠡᠷᠡᠴᠢᠯᠡᠬᠦ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠲᠡᠷᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠵᠢᠴᠢ ᠵᠢᠯ ᠤᠨ ᠡᠬᠢᠨ ᠳᠤ ᠲᠣᠭᠲᠠᠭᠠᠭᠰᠠᠨ ᠭᠤᠣᠯᠳᠠᠯᠭ᠎ᠠ ᠲᠠᠢ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠦᠬᠦ  ᠲᠣᠭᠤᠷᠢᠭ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠩᠬᠠᠷᠴᠤ᠂ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠴᠠᠭ ᠶᠣᠰᠣᠭᠠᠷ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠵᠢᠯ ᠤᠨ ᠠᠶᠢᠵᠠᠮ ᠢᠶᠠᠨ ᠲᠦᠷᠭᠡᠳᠬᠡᠵᠦ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠯᠢ ᠲᠦᠷᠭᠡᠨ ᠢᠶᠠᠷ ᠬᠢᠵᠦ ᠪᠣᠯᠬᠤ ᠪᠣᠯᠪᠠᠴᠤ ᠤᠳᠠᠭᠠᠰᠢᠷᠠᠭᠤᠯᠵᠤ ᠪᠣᠯᠬᠤ ᠦᠭᠡᠢ᠂ ᠡᠷᠲᠡᠬᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠥᠨᠳᠥᠷ ᠪᠦᠲᠦᠮᠵᠢᠲᠡᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠢᠯᠡᠭᠦᠬᠡᠨ ᠠᠷᠭ᠎ᠠ ᠪᠤᠳᠤᠵᠤ᠂ ᠢᠯᠡᠭᠦᠬᠡᠨ ᠠᠷᠭ᠎ᠠ ᠬᠡᠮᠵᠢᠶ᠎ᠡ ᠠᠪᠴᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠵᠦᠢᠯ ᠳᠠᠷᠠᠭᠠᠯᠠᠨ ᠰᠢᠢᠳᠪᠦᠷᠢᠯᠡᠵᠦ᠂ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ  ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号