ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2024 ᠣᠨ ᠤ 12 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 27 ᠤ ᠡᠳᠦᠷ᠂ ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠶᠠᠩ ᠬᠠᠢ ᠳ᠋ᠦᠩ ᠬᠤᠷᠠᠯ ᠢ ᠡᠷᠬᠢᠯᠡᠵᠦ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠣᠶᠤᠨ ᠤ ᠪᠣᠯᠪᠠᠰᠤᠨ ᠤ ᠠᠯᠪᠠᠨ ᠭᠡᠷ ᠤᠨ ᠡᠷᠬᠢᠯᠡᠭᠴᠢ ᠶᠠᠩ ᠹᠠᠩ᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠳᠡᠳ᠋ ᠲᠡᠷᠢᠭᠦᠯᠡᠭᠴᠢ ᠯᠢ ᠳ᠋ᠠᠨ ᠶᠠᠩ ᠲᠣᠭᠤᠷᠢᠨ ᠰᠣᠨᠣᠰᠴᠤ ᠰᠤᠯᠠ ᠰᠣᠨᠣᠰᠪᠠ᠃ ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠬᠦᠨ ᠬᠠᠮᠲᠤ ᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾᠂ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠤᠨ ᠬᠡᠰᠡᠭ ᠢᠶᠠᠷ ᠰᠣᠩᠭᠤᠬᠤ ᠠᠭᠤᠯᠭ᠎ᠠ ᠶᠢ ᠰᠤᠷᠤᠯᠴᠠᠪᠠ᠃ ᠪᠠᠭ ᠤᠨ ᠪᠦᠷᠢᠯᠳᠦᠬᠦᠨ ᠨᠡᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠪᠠ᠃      ᠶᠠᠩ ᠹᠠᠩ ᠳᠡᠳ᠋ ᠳᠠᠷᠤᠭ᠎ᠠ ᠲᠤᠰ ᠤᠳᠠᠭ᠎ᠠ ᠶᠢᠨ ᠨᠠᠮ ᠤᠨ ᠠᠵᠢᠯ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠭᠦᠢᠴᠡᠳ ᠨᠤᠲᠠᠯᠠᠵᠤ᠂ ᠵᠡᠭᠡᠯᠢ ᠭᠤᠳᠤᠮᠵᠢ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠱᠠᠭᠠᠷᠳᠠᠯᠭ᠎ᠠ ᠳᠤᠷᠠᠳᠪᠠ᠄ ᠤᠳᠤᠷᠢᠳᠬᠤ ᠪᠠᠭ ᠤᠨ ᠪᠦᠷᠢᠯᠳᠦᠬᠦᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠦᠵᠡᠯ ᠰᠠᠨᠠᠭ᠎ᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠬᠦ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ︔ ᠨᠠᠮ ᠤᠨ ᠠᠵᠢᠯ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨᠤᠯ ᠤᠨ ᠰᠤᠷᠤᠯᠴᠠᠯᠭ᠎ᠠ ᠶᠢᠨ ᠠᠷᠭ᠎ᠠ ᠵᠠᠮ ᠢᠶᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ᠶᠢ ᠤᠨᠤᠯ ᠤᠨ ᠰᠤᠷᠤᠯᠴᠠᠯᠭ᠎ᠠ ᠶᠢᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠰᠤᠷᠤᠯᠴᠠᠬᠤ ᠬᠡᠷᠡᠭᠯᠡᠬᠦ ᠶᠢ ᠠᠬᠢᠭᠤᠯᠬᠤ ᠬᠡᠷᠡᠭᠲᠡᠢ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠰᠢᠨ᠎ᠡ ᠶᠢ ᠡᠭᠦᠳᠬᠦ ᠤᠨᠤᠯ ᠢ ᠴᠠᠭ ᠲᠤᠬᠠᠢ ᠳᠤᠨᠢ ᠮᠥᠷᠳᠡᠨ ᠰᠤᠷᠤᠯᠴᠠᠵᠤ᠂ ᠰᠢᠨᠵᠢᠯᠡᠬᠦ ᠤᠬᠠᠭᠠᠨᠴᠢ ᠤᠨᠤᠯ ᠤᠨ ᠳᠤᠮᠳᠠ ᠠᠴᠠ ᠬᠦᠴᠢᠷ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠲᠠᠰᠤᠷᠠᠯᠳᠠ ᠦᠭᠡᠢ ᠡᠷᠢᠯᠬᠢᠯᠡᠬᠦ ᠬᠡᠷᠡᠭᠲᠡᠢ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠵᠡᠭᠡᠯᠢ ᠭᠤᠳᠤᠮᠵᠢ ᠶᠢᠨ ᠬᠢᠨ ᠳᠡᠭᠡᠳᠦ ᠲᠤᠤᠷᠠᠳᠤ ᠱᠠᠳᠤ ᠪᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠲᠣᠭᠲᠠᠭᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠄ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠨᠡᠩ ᠡᠷᠡᠰ ᠪᠠᠲᠤ ᠤᠬᠠᠮᠰᠠᠷ ᠠᠴᠠ ᠪᠠᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠪᠠᠷᠠᠭᠤᠨ ᠤᠷᠠᠨᠳᠦ᠋ᠰᠢ ᠵᠡᠭᠡᠯᠢ ᠭᠤᠳᠤᠮᠵᠢ ᠶᠢᠨ ᠦᠢᠯᠡᠳᠦᠯᠭᠡ ᠶᠢ ᠠᠬᠢᠭᠤᠯᠬᠤ ᠬᠡᠷᠡᠭᠲᠡᠢ︔ ᠬᠤᠶᠠᠷ ᠲᠤ᠂ ᠴᠢᠭᠯᠡᠯ ᠢᠶᠠᠨ ᠣᠨᠣᠪᠴᠢᠲᠠᠢ ᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠤ ᠡᠯ᠎ᠡ ᠵᠦᠢᠯ ᠤᠨ ᠠᠵᠢᠯ ᠲᠠᠢ ᠤᠶᠠᠯᠳᠤᠭᠤᠯᠵᠤ᠂ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠭᠤᠷᠪᠠ ᠳᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠤᠨᠤᠯ ᠰᠤᠷᠤᠯᠴᠠᠬᠤ ᠭᠤᠣᠯ ᠳᠤᠭᠤᠶᠢᠯᠠᠩ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ ᠵᠡᠷᠭᠡ ᠬᠡᠯᠪᠡᠷᠢ ᠪᠠᠷ ᠤᠭ ᠠᠮᠲᠠ ᠪᠠᠷ ᠰᠤᠷᠤᠯᠴᠠᠵᠤ᠂ ᠡᠯ᠎ᠡ ᠲᠦᠷᠦᠯ ᠤᠨ ᠤᠬᠠᠭᠤᠯᠤᠨ ᠲᠠᠶᠢᠯᠪᠤᠷᠢᠯᠠᠬᠤ ᠵᠢᠭᠰᠠᠭᠠᠯ ᠤᠨ ᠭᠠᠵᠠᠷ ᠢ ᠰᠠᠶᠢᠲᠤᠷ ᠠᠰᠢᠭᠯᠠᠨ ᠤᠯᠠᠨ ᠬᠡᠯᠪᠡᠷᠢ ᠶᠢᠨ ᠤᠯᠠᠨ ᠲᠦᠮᠡᠨᠴᠢ ᠴᠢᠨᠠᠷᠲᠠᠢ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠥᠷᠨᠢᠭᠦᠯᠵᠦ᠂ ᠵᠡᠭᠡᠯᠢ ᠭᠤᠳᠤᠮᠵᠢ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠳᠤ ᠦᠵᠡᠯ ᠰᠠᠨᠠᠭᠠᠨ ᠤ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号