ᠪᠠᠢ ᠴᠦᠨ ᠯᠸᠢ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/28
      8 ᠰᠠᠷ᠎ᠠ ᠶᠢᠨ 27 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠭᠤᠤᠯᠳᠠᠯᠭ᠎ᠠ ᠲᠠᠢ ᠡᠭᠦᠷᠭᠡ ᠶᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠵᠦᠸᠧ ᠴᠤᠸᠠᠨ ᠬᠤᠭ ᠨᠣᠪᠰᠢ ᠪᠤᠯᠠᠬᠤ ᠲᠠᠯᠠᠪᠠᠢ᠂ ᠥᠪᠥᠷ ᠮᠣᠩᠭᠤᠯ ᠤᠨ ᠭᠤᠸᠠᠨ ᠨᠢᠩ ᠡᠳ᠋ ᠪᠣᠳᠠᠰ ᠤᠨ ᠬᠢᠵᠠᠭᠠᠷᠲᠤ ᠺᠣᠮᠫᠠᠨᠢ ᠶᠢᠨ ᠬᠤᠭ ᠨᠣᠪᠰᠢ ᠪᠤᠯᠠᠬᠤ ᠲᠠᠯᠠᠪᠠᠢ ᠳᠤ᠂ ᠪᠠᠢ ᠴᠦᠨ ᠯᠸᠢ ᠪᠤᠯᠠᠬᠤ ᠲᠠᠯᠠᠪᠠᠢ ᠶᠢᠨ ᠦᠨᠳᠦᠰᠦᠨ ᠪᠠᠶᠢᠳᠠᠯ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠬᠤᠭ ᠨᠣᠪᠰᠢ ᠰᠢᠢᠳᠪᠦᠷᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠭ ᠨᠣᠪᠰᠢ ᠪᠤᠯᠠᠬᠤ ᠲᠠᠯᠠᠪᠠᠢ ᠶᠢᠨ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠬᠤᠭ ᠨᠣᠪᠰᠢ ᠶᠢ ᠡᠬᠢ ᠪᠠᠶᠠᠯᠢᠭᠵᠢᠭᠤᠯᠬᠤ᠂ ᠬᠤᠣᠷ ᠦᠭᠡᠶᠢᠵᠢᠬᠦᠯᠬᠦ ᠵᠢᠴᠢ ᠬᠡᠮᠵᠢᠶ᠎ᠡ ᠶᠢ ᠪᠠᠭᠠᠰᠬᠠᠨ ᠰᠢᠢᠳᠪᠦᠷᠢᠯᠡᠬᠦ ᠶᠢ ᠠᠬᠢᠭᠤᠯᠵᠤ᠂ ᠬᠤᠭ ᠨᠣᠪᠰᠢ ᠪᠤᠯᠠᠬᠤ ᠶᠢ ᠵᠢᠷᠤᠮᠵᠢᠭᠤᠯᠤᠨ ᠠᠵᠢᠯᠯᠠᠭᠤᠯᠵᠤ᠂ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃      ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠪᠠᠶ ᠴᠦᠨ ᠯᠸᠢ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠭᠡᠮ ᠰᠣᠭᠤᠭ ᠢ ᠲᠦᠢᠯᠪᠤᠷᠢᠲᠠᠢ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠲᠤᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃      ᠤᠯᠤᠰ ᠤᠨ ᠡᠨᠧᠷᠭᠢ ᠶᠢᠨ ᠪᠦᠯᠦᠭᠯᠡᠯ ᠤᠨ ᠰᠢ ᠯᠠᠶ ᠹᠧᠩ ᠬᠤᠪᠢᠶᠠᠷᠢ ᠺᠣᠮᠫᠠᠨᠢ ᠳᠤ᠂ ᠪᠠᠶ ᠴᠦᠨ ᠯᠸᠢ ᠠᠵᠤ ᠠᠬᠤᠶᠢᠯᠠᠯ ᠤᠨ ᠬᠡᠦᠷᠰᠢᠭᠦᠯᠬᠦ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠡᠦᠷᠰᠢᠭᠦᠯᠬᠦ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠣᠭᠲᠠᠭᠰᠠᠨ ᠬᠠᠷᠠᠯᠲᠠ ᠡᠭᠦᠷᠭᠡ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠶᠣᠰᠣᠭᠠᠷ᠂ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠬᠤᠷᠳᠤᠴᠠ ᠪᠠᠨ ᠲᠦᠷᠭᠡᠳᠬᠡᠵᠦ᠂ ᠠᠯᠬᠤᠮ ᠳᠠᠷᠠᠭ᠎ᠠ ᠪᠠᠨ ᠪᠠᠭᠠᠰᠬᠠᠵᠤ᠂ ᠥᠭᠡᠷᠡᠴᠢᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠠᠵᠤ ᠠᠬᠤᠶᠢᠯᠠᠯ ᠤᠨ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号